ᠰᠦᠨ ᠵᠢᠶᠦ᠋ᠨ ᠵᠢᠷᠭᠠᠯᠠᠩᠲᠤ ᠰᠤᠮᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/18
     3 ᠰᠠᠷ᠎ᠠ ᠶᠢᠨ 15᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠵᠢᠷᠭᠠᠯᠠᠩᠲᠤ ᠰᠤᠮᠤᠨ ᠳᠤ ᠭᠦᠨᠵᠡᠭᠡᠶᠢᠷᠡᠨ ᠮᠠᠯ ᠠᠵᠤ ᠠᠬᠤᠶ ᠶᠢᠨ ᠦᠢᠯᠡᠳᠪᠦᠷᠢᠯᠡᠯ᠂ ᠬᠠᠪᠤᠷ ᠤᠨ ᠤᠯᠠᠷᠢᠯ ᠤᠨ ᠲᠥᠯ ᠲᠤᠰᠴᠤ ᠪᠤᠶᠢᠵᠢᠭᠤᠯᠬᠤ᠂ ᠡᠪᠡᠰᠦ ᠪᠣᠷᠳᠤᠭ᠎ᠠ ᠨᠥᠭᠡᠴᠡᠯᠡᠬᠦ᠂ ᠵᠦᠶ ᠵᠣᠬᠢᠰᠲᠠᠶ ᠮᠠᠯ ᠲᠡᠵᠢᠭᠡᠬᠦ᠂ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ᠂ ᠪᠡᠯᠴᠢᠭᠡᠷ ᠰᠡᠷᠭᠦᠭᠡᠬᠦ ᠪᠡᠯᠡᠳᠬᠡᠯ ᠠᠵᠢᠯ ᠵᠡᠷᠭᠡ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠠ᠃      ᠵᠢᠷᠭᠠᠯᠠᠩᠲᠤ  ᠰᠣᠮᠣᠨ ᠤ ᠬᠠᠶᠢᠷᠬᠠᠨ ᠭᠠᠴᠠᠭᠠᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠵᠠᠩ ᠮᠠᠨ ᠬᠦᠢ ᠶᠢᠨ ᠭᠡᠷ ᠲᠤ ᠬᠦᠷᠦᠭᠰᠡᠨ ᠤ ᠲᠠᠷᠠᠭ᠎ᠠ᠂ ᠰᠦᠨ ᠵᠢᠶᠦ᠋ᠨ ᠲᠡᠭᠦᠨ ᠤ ᠭᠡᠷ ᠪᠦᠯᠢ ᠶᠢᠨ ᠪᠠᠶᠢᠳᠠᠯ᠂ ᠦᠢᠯᠡᠳᠪᠦᠷᠢᠯᠡᠯ ᠠᠮᠢᠳᠤᠷᠠᠯ ᠵᠢᠴᠢ ᠮᠠᠯ ᠠᠵᠤ ᠠᠬᠤᠢ ᠶᠢᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠠᠷᠢᠨ ᠯᠠᠪᠯᠠᠨ ᠠᠰᠠᠭᠤᠪᠠ᠃ ᠳᠠᠷᠠᠭ᠎ᠠ ᠨᠢ᠂ ᠦᠬᠡᠷ ᠤᠨ ᠡᠭᠦᠯᠳᠡᠷ ᠰᠠᠶᠢᠵᠢᠷᠠᠭᠤᠯᠬᠤ ᠭᠤᠤᠯᠳᠠᠯᠭᠠᠲᠦ ᠡᠷᠦᠬᠡ ᠰᠠᠶᠢᠨᠵᠠᠶᠠᠭ᠎ᠠ ᠶᠢᠨ ᠬᠡᠷ ᠲᠤ ᠬᠦᠷᠴᠦ᠂  ᠦᠬᠡᠷ ᠲᠡᠵᠢᠭᠡᠨ ᠦᠷᠡᠵᠢᠭᠦᠯᠵᠦ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠦᠬᠡᠷ ᠤᠨ ᠡᠭᠦᠯᠳᠡᠷ ᠰᠠᠶᠢᠵᠢᠷᠠᠭᠤᠯᠬᠤ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      ᠰᠦᠨ ᠵᠢᠶᠦ᠋ᠨ ᠬᠠᠪᠤᠷ ᠤᠨ ᠤᠯᠠᠷᠢᠯ ᠤᠨ ᠲᠠᠯ᠎ᠠ ᠨᠤᠲᠤᠭ ᠤᠨ ᠭᠠᠯ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ᠂ ᠬᠢᠯᠢ ᠶᠢᠨ ᠬᠠᠮᠠᠭᠠᠯᠠᠭᠴᠢ᠂ ᠬᠢᠯᠢ ᠶᠢᠨ ᠪᠠᠬᠢᠯᠡᠯᠲᠡ ᠶᠢᠨ ᠡᠷᠦᠬᠡ᠂ ᠬᠢᠯᠢ ᠶᠢᠨ ᠭᠠᠯ ᠰᠡᠷᠭᠡᠶᠢᠯᠡᠬᠦ ᠬᠠᠷᠠᠭᠤᠯ ᠤᠨ ᠭᠠᠵᠠᠷ ᠤᠨ ᠭᠡᠷᠡᠯᠴᠢᠮᠡᠭ ᠤᠨ ᠭᠡᠷ ᠲᠤ ᠬᠦᠷᠴᠣ᠂ ᠬᠠᠪᠤᠷ ᠤᠨ ᠤᠯᠠᠷᠢᠯ ᠪᠣᠯ ᠭᠠᠯ ᠤᠨ ᠠᠶᠤᠯ ᠠᠮᠠᠷᠬᠠᠨ ᠡᠭᠦᠰᠬᠦ ᠤᠯᠠᠨ ᠡᠭᠦᠰᠬᠦ ᠤᠯᠠᠷᠢᠯ ᠪᠣᠯᠤᠨ᠎ᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠪᠣᠯᠤᠨ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠪᠠᠳᠣᠳᠬᠠᠨ᠂ ᠲᠣᠭᠤᠷᠢᠨ ᠪᠠᠶᠢᠴᠠᠭᠠᠬᠤ ᠪᠠ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠬᠢᠯᠢ ᠬᠢᠵᠠᠭᠠᠷ ᠣᠷᠣᠨ ᠤ ᠠᠮᠤᠷ  ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠤᠤᠯ ᠤᠨ ᠰᠤᠮᠤᠨ ᠳᠠᠷᠤᠭ᠎ᠠ᠂ ᠪᠠᠶᠠᠵᠢᠯ ᠤᠨ ᠳᠠᠭᠠᠭᠤᠯᠤᠭᠴᠢ ᠪᠠᠶᠠᠷᠲᠤ ᠭᠠᠴᠠᠭᠠᠨ ᠤ ᠮᠥᠩᠬᠡᠪᠠᠭᠠᠲᠤᠷ ᠵᠢᠴᠢ ᠨᠠᠮ ᠤᠨ ᠭᠡᠰᠢᠭᠦᠨ ᠤ ᠭᠤᠤᠯᠳᠠᠯᠭᠠᠲᠦ ᠡᠷᠦᠬᠡ ᠪᠠᠶᠢᠭᠤᠯᠣᠭᠴᠢ ᠶᠢᠨ ᠬᠡᠷ ᠲᠤ ᠬᠦᠷᠴᠣ᠂ ᠰᠦᠨ ᠵᠢᠶᠦ᠋ᠨ ᠲᠤᠬᠠᠶ ᠶᠢᠨ ᠭᠠᠵᠠᠷ ᠤᠨ ᠮᠠᠯ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠵᠢᠴᠢ ᠮᠠᠯᠴᠢᠳ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠳᠤᠮᠳᠠ ᠲᠤᠯᠭᠠᠷᠠᠭᠰᠠᠨ ᠪᠣᠳᠠᠲᠠᠶ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ ᠮᠠᠯᠴᠢᠳ ᠢ ᠠᠵᠠ ᠲᠣᠬᠢᠶᠠᠯ ᠢ ᠠᠮᠵᠢᠨ᠂ ᠣᠳᠣ ᠦᠶ᠎ᠡ ᠶᠢᠨ ᠮᠠᠯ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠲᠡᠵᠢᠭᠡᠨ ᠦᠷᠡᠵᠢᠭᠦᠯᠬᠦ ᠦᠷ᠎ᠡ ᠠᠰᠢᠭ ᠢᠶᠠᠨ ᠳᠡᠭᠡᠭᠰᠢᠯᠡᠭᠦᠯᠦᠨ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠠᠬᠡᠯᠢᠭᠵᠢᠬᠦ ᠵᠠᠮ ᠎ ᠢᠶᠠᠷ ᠣᠷᠣᠭᠰᠢᠯᠠᠬᠤ ᠬᠡᠷᠡᠭᠲᠡᠢ ᠭᠡᠵᠦ ᠵᠣᠷᠢᠭᠵᠢᠭᠤᠯᠪᠠ᠃      ᠰᠦᠨ ᠵᠢᠶᠦ᠋ᠨ ᠴᠢᠬᠤᠯᠠᠴᠢᠯᠠᠭᠰᠠᠨ ᠨᠢ᠂ ᠡᠪᠡᠰᠦ ᠪᠣᠷᠳᠤᠭ᠎ᠠ ᠨᠥᠭᠡᠴᠡᠯᠡᠬᠦ᠂ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠢᠴᠢ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠵᠡᠷᠭᠡ ᠲᠠᠯ᠎ᠠ ᠶᠢᠨ ᠠᠵᠢᠯ ᠤᠨ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠢᠳᠡᠪᠬᠢᠲᠡᠶ ᠪᠠᠷ ᠬᠠᠪᠰᠤᠷᠤᠨ ᠰᠢᠢᠳᠪᠦᠷᠢᠯᠡᠵᠦ᠂ ᠮᠠᠯᠴᠢᠳ ᠤᠨ ᠲᠥᠯ ᠲᠤᠰᠴᠤ ᠪᠤᠶᠢᠵᠢᠭᠤᠯᠬᠤ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠡᠪᠡᠰᠦ ᠪᠣᠷᠳᠤᠭ᠎ᠠ ᠶᠢᠨ ᠬᠠᠩᠭᠠᠯᠭ᠎ᠠ ᠭᠦᠢᠴᠡᠳ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠬᠦᠯᠬᠦ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠠᠴᠠ ᠪᠣᠯᠵᠣ ᠨᠤᠲᠤᠭ ᠪᠡᠯᠴᠢᠭᠡᠷ ᠮᠠᠭᠤᠳᠠᠭᠰᠠᠨ ᠠᠰᠠᠭᠤᠳᠠᠯ ᠢ ᠰᠡᠷᠭᠡᠶᠢᠯᠡᠨ ᠬᠤᠷᠢᠭᠯᠠᠵᠤ᠂  ᠪᠠᠯᠴᠢᠬᠡᠷ ᠰᠠᠷᠬᠦᠬᠡᠬᠦ  ᠬᠤᠭᠤᠴᠠᠭᠠᠨ ᠳᠤ ᠨᠤᠲᠤᠭ ᠪᠡᠯᠴᠢᠭᠡᠷ ᠤᠨ ᠪᠦᠲᠦᠮᠵᠢᠲᠡᠶ  ᠰᠡᠷᠬᠦᠬᠦ ᠶᠢ ᠦᠨᠡᠨᠬᠦ ᠪᠠᠲᠤᠯᠠᠬᠤ ᠬᠡᠷᠡᠭᠲᠡᠶ ᠬᠡᠪᠡ᠃     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠷᠧᠨ ᠬᠤᠤ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠠᠷᠢᠭᠤᠨ ᠵᠢᠴᠢ ᠬᠤᠰᠢᠭᠤ ᠲᠠᠷᠢᠶᠠᠯᠠᠩ ᠰᠢᠨᠵᠢᠯᠡᠬᠦ  ᠮᠠᠷᠬᠡᠵᠢᠯ ᠤᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号