ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/18
     3 ᠰᠠᠷ᠎ᠠ ᠶᠢᠨ 15᠎ ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠤᠯᠤᠳᠪᠠᠭᠠᠲᠤᠷ ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠤ ᠣᠷᠣᠯᠴᠠᠪᠠᠯ ᠵᠣᠬᠢᠬᠤ ᠬᠦᠮᠦᠨ 29 ᠪᠠᠶᠢᠵᠤ᠂ ᠪᠣᠳᠠᠲᠠᠶ ᠣᠷᠣᠯᠴᠠᠭᠰᠠᠨ ᠨᠢ 24 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠬᠤᠷᠠᠯ ᠠᠴᠠ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠤᠷᠢᠵᠤ ᠣᠷᠣᠯᠴᠠᠭᠤᠯᠪᠠ᠃      ᠬᠤᠷᠠᠯ ᠠᠴᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠵᠢᠴᠢ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠤ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠤᠳᠠᠭᠠᠨ ᠤ ᠪᠥᠬᠦ ᠭᠡᠰᠢᠭᠦᠳ ᠤᠨ ︵ᠥᠷᠭᠡᠳᠬᠡᠭᠰᠡᠨ︶ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠳᠡᠭᠡᠷ᠎ᠡ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠥᠷᠡᠨ ᠠᠴᠠ ᠠᠪᠠᠭ᠎ᠠ ᠬᠤᠰᠢᠭᠤᠨ ᠤ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠰᠬᠠᠶ ᠰᠡᠳᠦᠪᠲᠦ ᠮᠡᠳᠡᠭᠦᠯᠦᠯᠲᠡ ᠬᠢᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠲᠣᠭᠠᠳᠤ ᠶᠠᠪᠤᠳᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ ᠠᠴᠠ 2023 ᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠲᠤᠰᠢᠶᠠᠪᠠ᠃ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠡᠷᠬᠢᠯᠡᠭᠴᠢ ᠵᠠᠩ ᠰᠢᠤᠢ ᠳ᠋ᠦᠩ ᠲᠡᠰ ᠳᠠᠷᠠᠭᠠᠯᠠᠨ ᠦᠨᠡᠯᠡᠯᠲᠡ ᠬᠢᠵᠦ᠂ ᠬᠤᠷᠠᠯ ᠳᠤ ᠣᠷᠣᠯᠴᠠᠭᠰᠠᠨ ᠪᠦᠷᠢᠯᠳᠦᠬᠦᠨ ᠨᠡᠷ ᠰᠠᠨᠠᠯ ᠰᠠᠨᠠᠭᠤᠯᠭ᠎ᠠ ᠲᠣᠷᠠᠳᠪᠠ᠃      ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠬᠠᠤᠯᠢ ᠶᠣᠰᠣᠭᠠᠷ ᠬᠤᠰᠢᠭᠤ ᠪᠠᠨ ᠵᠠᠰᠠᠬᠤ᠂ ᠲᠥᠯᠥᠭᠡᠯᠡᠭᠴᠢᠳ ᠤᠨ ᠦᠷᠦᠬᠡ ᠪᠠᠶᠢᠭᠤᠯᠤᠯᠲᠠ ᠵᠢᠴᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠵᠡᠷᠭᠡ ᠠᠵᠢᠯ ᠤᠨ ᠲᠣᠭᠤᠷᠢᠨ ᠳᠤ ᠭᠦᠨᠵᠡᠭᠡᠶ ᠶᠠᠷᠢᠯᠴᠠᠨ ᠰᠠᠨᠠᠯ ᠢᠶᠠᠨ ᠰᠣᠯᠢᠯᠴᠠᠪᠠ᠃ ᠡᠯ᠎ᠡ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠡᠯ᠎ᠡ ᠪᠦᠷᠢᠯᠳᠦᠬᠦᠨ ᠪᠠ ᠬᠡᠰᠡᠭ ᠲᠥᠯᠥᠭᠡᠯᠡᠭᠴᠢ ᠲᠣᠰ ᠲᠣᠰ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠠᠬᠢᠭᠤᠯᠬᠤ ᠳᠤ ᠮᠠᠰᠢ ᠣᠯᠠᠨ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号