ᠰᠦᠨ ᠵᠢᠶᠦ᠋ᠨ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠭᠰᠡᠨ ᠪᠠᠶᠢᠳᠠᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2024/3/18
     3 ᠰᠠᠷ᠎ᠠ ᠶᠢᠨ 13᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠭᠰᠡᠨ ᠪᠠᠶᠢᠳᠠᠯ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠵᠡᠷᠭᠡ ᠠᠵᠢᠯ ᠤᠨ ᠲᠤᠬᠠᠶ ᠪᠠᠶᠢᠴᠠᠭᠠᠨ ᠣᠶᠢᠯᠠᠭᠠᠪᠠ᠃      ᠰᠦᠨ ᠵᠢᠶᠦ᠋ᠨ ᠤᠷᠢᠳ ᠬᠤᠵᠢᠳ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ  ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠵᠦ᠂ ᠡᠯ᠎ᠡ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠣᠬᠢᠷᠠᠭᠤᠯᠤᠯᠲᠠ᠂ ᠠᠮᠤᠷ ᠢ ᠬᠠᠮᠠᠭᠠᠯᠠᠬᠤ ᠲᠥᠬᠦᠭᠡᠷᠦᠮᠵᠢ᠂ ᠰᠤᠷᠤᠭᠴᠢᠳ ᠤᠨ ᠬᠤᠭᠤᠯᠠᠨ ᠬᠡᠷ᠂ ᠲᠠᠮᠢᠷ ᠤᠨ ᠲᠠᠯᠠᠪᠠᠶ᠂ ᠪᠠᠶᠢᠷᠢ ᠶᠢᠨ ᠬᠡᠷ᠂ ᠵᠢᠭᠠᠨ ᠰᠤᠷᠭᠠᠯᠲᠠ ᠶᠢᠨ ᠠᠰᠠᠷ᠂ ᠲᠤᠷᠰᠢᠯᠲᠠ ᠶᠢᠨ ᠲᠠᠰᠤᠭ ᠵᠡᠷᠭᠡ ᠴᠢᠬᠤᠯᠠ ᠲᠠᠯᠠᠪᠤᠷ ᠤᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠲᠤᠭᠤᠷᠢᠨ ᠦᠵᠡᠵᠦ᠂ ᠰᠤᠷᠭᠠᠭᠤᠯᠢ ᠶᠢᠨ ᠣᠷᠴᠢᠨ ᠲᠣᠭᠤᠷᠢᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠢᠳᠡᠭᠡᠨ ᠤ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠤᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠪᠠ᠃      ᠰᠦᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠰᠤᠷᠭᠠᠭᠤᠯᠢ ᠡᠷᠬᠡᠪᠰᠢ ᠠᠮᠤᠷ ᠲᠦᠪᠰᠢᠨ ᠤ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠂ ᠢᠯᠠᠩᠭᠤᠶ᠎ᠠ ᠭᠠᠯ ᠤᠨᠲᠠᠷᠠᠭᠠᠬᠤ ᠪᠠ ᠢᠳᠡᠭᠡᠨ ᠤ ᠠᠮᠤᠷ ᠲᠦᠪᠰᠢᠨ ᠢ ᠦᠨᠡᠨ ᠬᠦ  ᠴᠢᠩᠭᠠᠳᠬᠠᠵᠤ᠂ ᠪᠠᠭᠰᠢ ᠰᠤᠷᠤᠭᠴᠢᠳ ᠤᠨ ᠪᠡᠶ᠎ᠡ ᠮᠠᠬᠠᠪᠤᠳ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠰᠤᠷᠭᠠᠭᠤᠯᠢ ᠳᠠᠭᠠᠨ ᠪᠤᠴᠠᠭᠰᠠᠨ ᠰᠤᠷᠤᠭᠴᠢᠳ ᠤᠨ ᠦᠵᠡᠯ ᠰᠠᠨᠠᠭ᠎ᠠ ᠪᠠ ᠰᠡᠳᠬᠢᠴᠡ ᠶᠢᠨ ᠬᠥᠳᠡᠯᠦᠯ ᠪᠠᠶᠢᠳᠠᠯ ᠢ ᠨᠢᠭᠲᠠ ᠠᠩᠬᠠᠷᠴᠤ᠂ ᠰᠤᠷᠤᠭᠴᠢᠳ ᠤᠨ ᠰᠡᠳᠬᠢᠴᠡ ᠶᠢᠨ ᠬᠠᠪᠰᠤᠷᠤᠨ ᠵᠢᠯᠣᠭᠤᠳᠬᠤ ᠠᠵᠢᠯ ᠢ ᠴᠠᠭ ᠲᠤᠬᠠᠶ ᠳᠤᠨᠢ ᠰᠠᠶᠢᠲᠤᠷ ᠬᠢᠬᠦ ᠬᠡᠷᠡᠭᠲᠡᠶ᠃ ᠰᠤᠷᠭᠠᠭᠤᠯᠢ ᠶᠢᠨ ᠬᠤᠭᠤᠯᠠᠨ ᠭᠡᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠭᠰᠢ ᠰᠤᠷᠤᠭᠴᠢᠳ ᠤᠨ ᠰᠤᠷᠭᠠᠭᠤᠯᠢ ᠳᠤ ᠬᠤᠭᠤᠯᠠᠯᠠᠬᠤ ᠠᠮᠤᠷ ᠲᠦᠪᠰᠢᠨ᠂ ᠬᠤᠭᠤᠯᠠ ᠣᠮᠳᠠ ᠶᠢᠨ ᠠᠮᠤᠷ  ᠳᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠰᠤᠷᠭᠠᠭᠤᠯᠢ ᠶᠢᠨ ᠣᠳᠣ ᠶᠢᠨ ᠪᠠᠶᠢᠭ᠎ᠠ ᠣᠯᠠᠨ ᠴᠢᠳᠠᠮᠵᠢᠲᠤ ᠲᠠᠰᠤᠭ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠭᠦᠢᠴᠡᠳ ᠬᠡᠷᠡᠭᠯᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠶ ᠭᠡᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠭᠧ ᠶᠦᠩ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠠᠯᠪᠠᠨ ᠬᠡᠷ ᠤᠨ ᠡᠷᠬᠢᠯᠡᠭᠴᠢ ᠷᠧᠨ ᠬᠤᠤ ᠵᠢᠴᠢ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠲᠤᠭᠤᠷᠢᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号