ᠦᠨᠦᠬᠡᠨ ᠪᠦᠬᠦ ᠬᠤᠰᠢᠭᠤᠨ ᠤ ︽ᠬᠤᠶᠠᠷ ᠬᠤᠷᠠᠯ︾ ᠲᠤ ᠤᠷᠤᠯᠴᠠᠨ ᠨᠣᠳᠤᠭ ᠲᠤ ᠪᠠᠨ ᠪᠤᠴᠠᠵᠤ | ᠢᠷᠡᠭᠰᠡᠨ ︽ᠲᠤᠯᠤᠭᠠᠨ ᠰᠠᠷ᠎ᠠ ᠶᠢᠨ ᠨᠢᠭᠡᠨ ᠤ ᠭᠠᠪᠢᠶᠠᠨ ᠳᠡᠮᠳᠡᠭ︾ ᠬᠦᠷᠲᠡᠭᠴᠢ᠂ ᠪᠦᠬᠦ ᠤᠯᠤᠰ ᠤᠨ ᠤᠯᠤᠰ | ᠲᠦᠷᠦ ᠶᠢᠨ ᠵᠦᠪᠯᠡᠯᠭᠡᠨ ᠤ ᠭᠡᠰᠢᠭᠦᠨ ᠤ ᠲᠢᠩ · ᠪᠠᠭᠠᠳᠤᠷ ᠨᠦᠬᠦᠷ ᠤᠨ ︽ᠬᠤᠶᠠᠷ ᠬᠤᠷᠠᠯ︾ ᠤᠨ ᠵᠤᠷᠢᠭ | ᠰᠠᠨᠠᠭ᠎ᠠ ᠳᠤ ᠣᠯᠠᠮᠵᠢᠯᠠᠵᠤ ᠰᠤᠷᠤᠯᠴᠠᠯᠭ᠎ᠠ ᠶᠢᠨ ᠬᠤᠷᠠᠯ 3 ᠰᠠᠷ᠎ᠠ ᠶᠢᠨ 14 ᠤ ᠡᠳᠦᠷ ᠬᠤᠩᠭᠤᠷᠭᠤᠣᠯ | ᠪᠠᠯᠭᠠᠰᠣᠨ ᠳᠤ ᠶᠠᠪᠤᠭᠳᠠᠪᠠ᠃ | ᠰᠤᠷᠤᠯᠴᠠᠯᠭ᠎ᠠ ᠪᠠᠷ᠂ ᠲᠢᠩ · ᠪᠠᠭᠠᠳᠤᠷ ᠨᠦᠬᠦᠷ ᠠᠴᠠ ᠬᠦᠳᠡᠭᠡ ᠳᠤᠰᠬᠤᠨ ᠢ ᠬᠦᠭᠵᠢᠭᠦᠯᠦᠨ | ᠮᠠᠨᠳᠤᠭᠤᠯᠬᠤ᠂ ᠠᠮᠤ ᠪᠣᠳᠠᠭᠠᠨ ᠤ ᠠᠮᠤᠷ ᠳᠦᠪᠰᠢᠨ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠵᠤ | ᠦᠢᠯᠡᠰ ᠤᠨ ᠬᠦᠭᠵᠢᠯᠲᠡ᠂ ᠠᠮᠢ ᠠᠬᠤᠢ ᠶᠢᠨ ᠬᠠᠮᠠᠭᠠᠯᠠᠯᠲᠠ ᠬᠦᠷᠲᠡᠯᠡᠬᠢ ᠦᠪᠡᠷ ᠤᠨ ᠦᠵᠡᠵᠦ ᠰᠣᠨᠣᠰᠤᠭᠰᠠᠨ | ᠵᠦᠢᠯᠡᠰ ᠬᠢᠭᠡᠳ ᠪᠤᠳᠤᠯ ᠰᠡᠳᠬᠢᠭᠳᠡᠯ ᠢᠶᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠪᠣᠯᠣᠨ | ᠬᠤᠩᠭᠤᠷᠭᠤᠣᠯ ᠪᠠᠯᠠᠭᠠᠰᠣᠨ ᠤ ᠬᠦᠭᠵᠢᠯᠲᠡ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠣᠯᠠᠨ ᠲᠦᠮᠡᠨ ᠲᠠᠢ | ᠵᠤᠭᠤᠭᠳᠠᠵᠤ ᠶᠠᠷᠢᠯᠴᠠᠬᠤ ᠮᠠᠶ᠋ᠢᠭ ᠢᠶᠠᠷ ᠲᠡᠳᠡᠨ ᠤ ᠬᠠᠮᠤᠭ ᠠᠴᠠ ᠠᠩᠬᠠᠷᠴᠦ ᠪᠠᠶᠢᠭ᠎ᠠ ᠶᠠᠷᠢᠶᠠᠨ ᠤ ᠰᠡᠳᠦᠪ ᠢ | ᠲᠠᠶᠢᠯᠪᠤᠷᠢᠯᠠᠨ ᠶᠠᠷᠢᠭᠰᠠᠨ ᠤ ᠬᠠᠮᠲᠤ ᠪᠦᠬᠦ ᠤᠯᠤᠰ ᠤᠨ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ | ᠣᠬᠠᠭᠤᠯᠤᠨ ᠲᠠᠶᠢᠯᠪᠤᠷᠢᠯᠠᠵᠤ᠂ ᠨᠠᠮ ᠤᠨ ᠰᠠᠶᠢᠨ ᠲᠦᠷᠦ ᠶᠢᠨ ᠪᠤᠳᠣᠯᠭ᠎ᠠ ᠶᠢ ᠴᠠᠭ ᠲᠤᠬᠠᠢ ᠳᠤᠨᠢ᠂ ᠬᠠᠮᠤᠭ ᠤᠨ | ᠦᠨᠡᠨ ᠪᠣᠳᠠᠳᠠᠢ ᠪᠠᠷ ᠦᠨᠳᠦᠰᠦᠨ ᠱᠠᠳᠤ ᠳᠤ ᠬᠦᠷᠭᠡᠵᠦ᠂ ᠣᠯᠠᠨ ᠲᠦᠮᠡᠨ ᠳᠤ ᠣᠶᠢᠯᠠᠭᠠᠭᠤᠯᠤᠨ᠂ ᠬᠦᠮᠦᠰ ᠤᠨ | ᠰᠡᠳᠬᠢᠯ ᠳᠤ ᠬᠠᠳᠠᠩᠰᠢᠭᠤᠯᠵᠤ᠂ ︽ᠨᠢᠭᠡ ᠶᠢ ᠰᠤᠨᠤᠰᠴᠦ ᠣᠶᠢᠯᠠᠭᠠᠪᠠᠯ ᠨᠡᠶᠢᠳᠡᠮ ᠳᠤᠨᠢ ᠳᠠᠶᠢᠴᠢᠯᠠᠬᠤ︾ ᠦᠷ᠎ᠡ | ᠪᠦᠳᠦᠮᠵᠢ ᠳᠤ ᠬᠦᠷᠭᠡᠬᠦ ᠪᠠᠷ ᠴᠢᠷᠮᠠᠶᠢᠪᠠ᠃ | ᠵᠠᠯᠭᠠᠭᠠᠳ ᠮᠠᠨ ᠤ ᠬᠤᠰᠢᠭᠤ ᠨᠢ ᠪᠦᠬᠦ ᠤᠯᠤᠰ ᠤᠨ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠣᠯᠠᠮ | ᠭᠦᠨᠵᠡᠭᠡᠢ ᠰᠤᠷᠤᠯᠴᠠᠨ ᠨᠠᠷᠢᠯᠢᠭ ᠰᠤᠳᠤᠯᠵᠤ᠂ ᠬᠢᠨᠠᠮᠠᠭᠠᠢ ᠰᠤᠷᠤᠯᠴᠠᠨ ᠨᠡᠪᠲᠡᠷᠬᠡᠢ ᠣᠶᠢᠯᠠᠭᠠᠵᠤ᠂ ᠬᠤᠷᠠᠯ ᠤᠨ | ᠵᠤᠷᠢᠭ ᠰᠠᠨᠠᠭ᠎ᠠ ᠪᠠᠷ ᠲᠦᠪᠯᠡᠷᠡᠯ ᠪᠣᠯᠭᠠᠵᠤ᠂ ᠨᠠᠮ ᠪᠣᠯᠣᠨ ᠠᠷᠠᠳ ᠲᠦᠮᠡᠨ ᠤ ᠬᠤᠭᠤᠷᠤᠨᠳᠤᠬᠢ ᠬᠦᠬᠦᠷᠭᠡ | ᠬᠤᠯᠪᠣᠭᠠᠰᠤ ᠶᠢᠨ ᠦᠢᠯᠡᠳᠦᠯ ᠢ ᠰᠠᠶᠢᠳᠤᠷ ᠪᠠᠳᠠᠷᠠᠭᠤᠯᠵᠤ᠂ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ | ᠪᠤᠳᠣᠯᠭ᠎ᠠ ᠶᠢ ᠬᠠᠮᠤᠭ ᠤᠨ ᠪᠤᠷᠤᠭᠵᠢᠭᠤᠨ ᠦᠭᠡ ᠬᠡᠯᠡ ᠬᠠᠮᠤᠭ ᠤᠨ ᠰᠢᠭᠤᠳ ᠦᠢᠯᠡ ᠠᠵᠢᠯᠯᠠᠭ᠎ᠠ ᠪᠠᠷ ᠰᠠᠶᠢᠳᠤᠷ | ᠣᠬᠠᠭᠤᠯᠵᠤ᠂ ᠰᠠᠶᠢᠳᠤᠷ ᠲᠤᠭᠤᠰᠢᠯᠠᠭᠤᠯᠬᠤ ᠪᠣᠯᠣᠨ᠎ᠠ᠃ | ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠰᠦᠨ ᠬᠠᠢ | ᠫᠧᠩ᠂ ᠬᠤᠩᠭᠤᠷᠭᠤᠣᠯ ᠪᠠᠯᠭᠠᠰᠤᠨ ᠤ ᠪᠦᠬᠦ ᠺᠠᠳ᠋ᠷ ᠠᠵᠢᠯᠲᠠᠨ᠂ ᠭᠠᠴᠠᠭᠠᠨ ᠤ ︽ᠬᠤᠶᠠᠷ ᠵᠦᠪᠯᠡᠯ︾ ᠤᠨ | ᠭᠡᠰᠢᠭᠦᠳ ᠵᠢᠴᠢ ᠠᠷᠠᠳ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠰᠤᠷᠤᠯᠴᠠᠯᠭ᠎ᠠ ᠶᠢᠨ | ᠬᠤᠷᠠᠯ ᠳᠤ ᠤᠷᠤᠯᠴᠠᠪᠠ᠃ |