ᠵᠠᠰᠠᠭ ᠪᠠᠩᠭᠢ  ᠬᠠᠮᠳᠣᠷᠠᠯᠴᠠᠨ᠂  ᠦᠨᠡᠨᠴᠢ ᠢᠳᠡᠬᠡᠮᠵᠢ ᠶᠢ ᠡᠷᠬᠢᠮᠯᠠᠨ᠂  ᠬᠤᠪᠢ ᠨᠢᠬᠡᠴᠨ ᠠᠴᠠ ᠪᠡᠯᠡ ᠴᠤᠭᠯᠠᠭᠤᠯᠬᠤ ᠳᠤ ᠬᠦᠴᠦ ᠨᠡᠮᠡᠷᠢᠯᠡᠨ᠎ᠡ
ᠨᠡᠶᠢᠲᠡᠯᠡᠭᠰᠡᠨ ᠴᠠᠭ᠄
2024/3/19
     3 ᠰᠠᠷ᠎ᠠ ᠶᠢᠨ 15᠎ ᠤ ᠡᠳᠦᠷ᠂ ᠠᠪᠠᠭ᠎ᠠ ᠬᠤᠰᠢᠭᠤ ᠠᠩᠬᠠᠳᠠᠭᠴᠢ ︽ᠦᠪᠤᠷ ᠮᠤᠩᠭᠤᠯ ᠤᠨ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ︾᠎ ᠶᠢ ᠠᠮᠵᠢᠯᠲᠠ ᠲᠠᠢ ᠲᠠᠷᠬᠠᠭᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠭᠴᠢ ᠭᠦᠸᠧ ᠠᠪᠤᠭᠠᠢ ︽ᠦᠪᠤᠷ ᠮᠤᠩᠭᠤᠯ ᠤᠨ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ︾᠎ ᠶᠢ ᠭᠤᠶᠤᠴᠢᠯᠠᠵᠤ᠂ 30 ᠲᠦᠮᠡᠨ ᠲᠥᠭᠦᠷᠢᠭ ᠤᠨ ᠢᠲᠡᠭᠡᠮᠵᠢ ᠵᠢᠬᠡᠯᠡᠯᠬᠡ ᠬᠦᠷᠳᠠᠵᠣ᠂  ᠦᠨᠡᠨᠴᠢ ᠢᠲᠡᠭᠡᠮᠵᠢ ᠪᠠᠷ ᠢᠶᠠᠨ ᠪᠡᠯᠨ ᠰᠣᠯᠢᠵᠤ᠂ ᠦᠢᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠪᠠᠯᠠ ᠲᠣᠬᠢᠷᠠᠭᠤᠯᠭ᠎ᠠ ᠶᠢᠨ ᠬᠦᠴᠢᠷᠳᠠᠯ ᠲᠠᠢ ᠠᠰᠠᠭᠤᠳᠠᠯ ᠢ ᠰᠢᠢᠳᠪᠦᠷᠢᠯᠡᠪᠡ᠃      ᠭᠦᠸᠧ ᠠᠪᠤᠭᠠᠢ ᠠᠪᠠᠭ᠎ᠠ ᠬᠤᠰᠢᠭᠤᠨ ᠤ ᠶᠡᠬᠡᠭᠤᠣᠯ ᠰᠤᠮᠤ ᠶᠢᠨ ᠰᠡᠯᠪᠢᠨ ᠵᠠᠰᠠᠬᠤ ᠡᠵᠡᠩᠨᠠᠯᠳᠠ ᠶᠢᠨ ᠭᠠᠵᠠᠷ ᠲᠤ ᠨᠢᠭᠡᠨᠲᠡ ᠠᠷᠪᠠ ᠭᠠᠷᠤᠢ ᠵᠢᠯ ᠪᠤᠯᠵᠤ᠂ ᠭᠤᠣᠯᠳᠠᠭᠤ ᠲᠡᠮᠦᠷ ᠪᠠᠭᠠᠵᠢ ᠬᠡᠷᠡᠭᠰᠠᠯ ᠦᠢᠯᠡᠳᠬᠦ᠂ ᠴᠠᠬᠢᠯᠭᠠᠨ ᠭᠠᠩᠨᠠᠯᠲᠠ᠂ ᠰᠡᠯᠪᠢᠨ ᠵᠠᠰᠠᠬᠤ ᠠᠵᠢᠯ ᠢ ᠬᠢᠭᠰᠡᠭᠡᠷ ᠢᠷᠡᠪᠡ᠂ ᠡᠨᠡ ᠵᠢᠯ ᠤᠨ ᠬᠠᠪᠤᠷ ᠲᠡᠷᠡ ᠨᠢᠭᠡ ᠪᠦᠯᠦᠭ ᠪᠤᠯᠤᠳ ᠮᠠᠲ᠋ᠧᠷᠢᠶᠠᠯ ᠣᠷᠣᠭᠤᠯᠵᠣ᠂ ᠮᠠᠯ ᠠᠵᠤ ᠠᠬᠤᠢ ᠶᠢᠨ ᠬᠡᠷᠡᠭᠰᠡᠯ ᠬᠢᠬᠦ ᠪᠠᠷ ᠲᠦᠯᠦᠪᠯᠡᠵᠣ ᠪᠠᠶᠢᠭᠰᠠᠨ ᠪᠣᠯᠪᠠᠴᠣ᠂ ᠪᠡᠯᠡ ᠮᠥᠩᠭᠦ ᠬᠤᠮᠰᠠᠬᠠᠨ  ᠤᠴᠢᠷ ᠠᠴᠠ ᠣᠷᠣᠭᠤᠯᠵᠣ ᠲᠠᠶᠢᠯᠦᠬᠡᠳᠣᠢ ᠪᠠᠶᠢᠭᠰᠠᠨ ᠶᠣᠮ᠃  ᠶᠠᠭ ᠠᠷᠭ᠎ᠠ ᠮᠣᠬᠤᠷᠳᠠᠵᠣ ᠪᠠᠶᠢᠳᠠᠯ᠎ᠠ ᠬᠤᠳᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠠᠴᠠ ︽ᠦᠪᠤᠷ ᠮᠤᠩᠭᠤᠯ ᠤᠨ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ︾᠎ ᠶᠢᠨ ᠮᠥᠩᠭᠦᠨ ᠭᠦᠢᠯᠭᠡᠭᠡᠨ ᠤ ᠦᠢᠯᠡᠳᠬᠦᠨ ᠵᠢᠴᠢ ᠭᠤᠶᠤᠴᠢᠯᠠᠬᠤ ᠠᠷᠭ᠎ᠠ ᠵᠠᠮ ᠢ ᠣᠬᠠᠭᠤᠯᠵᠣ ᠪᠠᠶᠢᠬᠤ ᠶᠢ ᠣᠶᠢᠯᠠᠭᠠᠭᠰᠠᠨ ᠤ ᠳᠠᠷᠠᠭ᠎ᠠ᠂ ᠠᠵᠢᠯᠲᠠᠳ ᠤᠨ ᠵᠢᠯᠤᠭᠤᠳᠤᠯᠭ᠎ᠠ ᠳᠣᠣᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠠᠪᠴᠠᠩ ᠢᠶᠠᠷ ᠳᠠᠮᠵᠢᠭᠤᠯᠤᠨ 30 ᠲᠦᠮᠡᠨ ᠲᠥᠭᠦᠷᠢᠭ ᠤᠨ ︽ᠦᠪᠤᠷ ᠮᠤᠩᠭᠤᠯ ᠤᠨ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ︾᠎ ᠶᠢ ᠭᠤᠶᠤᠴᠢᠯᠠᠪᠠ᠃ ᠠᠵᠢᠯᠲᠠᠨ ᠠᠴᠠ  ᠲᠡᠬᠦᠨ ᠤ ᠬᠠᠩᠭᠠᠭᠰᠠᠨ ᠵᠦᠢᠯ ᠢ ᠬᠦᠯᠢᠶᠡᠨ ᠠᠪᠤᠭᠰᠠᠨ ᠤ ᠳᠠᠷᠠᠭ᠎ᠠ 2 ᠴᠠᠭ ᠤᠨ ᠳᠣᠲᠣᠷ᠎ᠠ ᠲᠡᠭᠦᠨ ᠳᠤ ᠢᠳᠡᠬᠡᠮᠵᠢᠳᠣ ᠵᠢᠬᠡᠯᠡᠯᠬᠡ ᠨᠢ ᠬᠦᠷᠦᠬᠡᠳ ᠢᠷᠡᠭᠰᠡᠨ ᠪᠠᠶᠢᠨ᠎ᠠ᠃  ︽ᠦᠪᠤᠷ ᠮᠤᠩᠭᠤᠯ ᠤᠨ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ︾᠎ ᠶᠢᠨ ᠲᠠᠪᠴᠠᠩ ᠮᠠᠰᠢ ᠰᠠᠶᠢᠨ᠂ ᠬᠦᠦ ᠶᠢᠨ ᠨᠣᠷᠮ᠎ᠠ ᠡᠶᠢᠮᠦ ᠳᠣᠤᠷ᠎ᠠ ᠪᠠᠶᠢᠨ᠎ᠠ ᠭᠡᠵᠦ ᠪᠣᠳᠣᠵᠤ ᠣᠯᠤᠭᠰᠠᠨ ᠥᠬᠡᠶ᠂ ᠪᠠᠰᠠ ᠪᠠᠷᠢᠴᠠᠭᠠᠨ ᠤ ᠵᠦᠢᠯᠡᠰ ᠬᠠᠩᠭᠠᠬᠤ ᠴᠢᠬᠤᠯᠠ ᠥᠬᠡᠶ᠂ ᠬᠠᠷᠢᠭᠰᠠᠨ ᠤ ᠳᠠᠷᠠᠭ᠎ᠠ ᠪᠢ ᠥᠭᠡᠷ᠎ᠡ ᠠᠷᠠᠯᠵᠢᠶ᠎ᠠ ᠬᠢᠵᠦ ᠪᠠᠶᠢᠭ᠎ᠠ ᠨᠠᠶᠢᠵᠠ ᠨᠥᠬᠦᠳ ᠲᠤ ᠪᠠᠨ ᠣᠬᠠᠭᠤᠯᠬᠤ ᠶᠣᠮ ᠬᠡᠵᠣ ᠵᠢᠭᠡᠯᠡᠯᠭᠡ ᠶᠢᠨ ᠪᠠᠯᠠ ᠮᠥᠩᠭᠦ ᠶᠢ ᠣᠯᠤᠭᠰᠠᠨ ᠭᠦᠸᠧ ᠠᠪᠤᠭᠠᠶ  ᠪᠠᠶᠠᠷᠳᠠᠢ ᠶᠠᠷᠢᠵᠣ ᠪᠠᠶᠢᠯ᠎ᠠ᠃        ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢ ᠶᠢ ᠳᠡᠭᠡᠭᠰᠢᠯᠡᠭᠦᠯᠬᠦ ︽ᠦᠪᠤᠷ ᠮᠤᠩᠭᠤᠯ ᠤᠨ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ︾᠎ ᠶᠢᠨ ᠮᠥᠩᠭᠦᠨ ᠭᠦᠢᠯᠭᠡᠭᠡᠨ ᠤ ᠲᠠᠪᠴᠠᠩ ᠰᠦᠯᠵᠢᠶᠡᠨ ᠳᠤ ᠭᠠᠷᠣᠭᠰᠠᠨ ᠤ ᠳᠠᠷᠠᠭ᠎ᠠ᠂ ᠠᠪᠠᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠷᠣᠢ ᠲᠦᠷᠭᠡᠨ ᠴᠤᠤᠷᠢᠶᠠᠲᠤᠨ ᠳᠠᠭᠠᠵᠤ᠂ ᠠᠪᠠᠭ᠎ᠠ ᠬᠤᠰᠢᠭᠤᠨ ᠤ  ᠬᠦᠳᠡᠭᠡ ᠲᠣᠰᠬᠤᠨ ᠤ ᠬᠤᠳᠠᠯᠳᠤᠭᠠᠨ ᠤ ᠪᠠᠩᠬᠢ ᠲᠠᠢ ᠬᠠᠮᠲᠤᠷᠠᠨ ᠢᠳᠡᠪᠬᠢᠲᠡᠶ ᠪᠠᠶᠢᠷᠢᠯᠠᠭᠤᠯᠤᠯᠲᠠ ᠬᠢᠵᠦ᠂ ︽3 · 15︾᠎ ᠤ ᠭᠤᠤᠯ ᠰᠡᠳᠦᠪᠲᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠷ ᠲᠣᠬᠢᠶᠠᠯ ᠪᠣᠯᠭᠠᠨ᠂ ᠥᠷᠭᠡᠨ ᠢᠶᠠᠷ ᠤᠬᠠᠭᠤᠯᠪᠠ᠃ ᠠᠪᠠᠭ᠎ᠠ ᠬᠤᠰᠢᠭᠤ ᠠᠩᠬ᠎ᠠ ᠤᠳᠠᠭ᠎ᠠ 30 ᠲᠦᠮᠡᠨ ᠲᠥᠭᠦᠷᠢᠭ ᠤᠨ ︽ᠦᠪᠤᠷ ᠮᠤᠩᠭᠤᠯ ᠤᠨ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ︾᠎ ᠶᠢ ᠠᠮᠵᠢᠯᠲᠠ ᠲᠠᠢ ᠪᠠᠷ ᠲᠠᠷᠬᠠᠭᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢ ᠶᠢᠨ ᠪᠠᠶᠢᠳᠠᠯ ᠢ ᠰᠢᠨ᠎ᠠ ᠨᠢᠬᠡ ᠲᠠᠪᠴᠠᠩ ᠳᠤ ᠬᠦᠷᠬᠡᠭᠰᠡᠨ ᠪᠠᠶᠢᠨ᠎ᠠ᠃      ︽ᠦᠪᠤᠷ ᠮᠤᠩᠭᠤᠯ ᠤᠨ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ︾᠎ ᠶᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠠᠴᠠ ᠬᠠᠮᠲᠤᠷᠠᠨ ᠨᠡᠶᠢᠲᠡᠯᠡᠵᠦ᠂ ᠢᠲᠡᠭᠡᠮᠵᠢ ᠶᠢᠨ ᠦᠨᠡᠯᠡᠯᠲᠡ ᠪᠠᠷ ᠰᠠᠭᠤᠷᠢ ᠪᠣᠯᠭᠠᠨ᠂ ︽ᠢᠲᠡᠭᠡᠮᠵᠢ ᠳᠤ ᠲᠦᠰᠢᠭᠯᠡᠬᠦ᠂ ᠪᠠᠷᠢᠴᠠᠭᠠᠯᠠᠬᠤ ᠥᠬᠡᠶ᠂  ᠪᠠᠳᠣᠯᠠᠨ ᠲᠠᠭᠠᠭᠠᠬᠤ ᠥᠬᠡᠶ᠂ ᠰᠦᠯᠵᠢᠶᠡᠨ ᠳᠡᠭᠡᠷ᠎ᠡ ᠭᠦᠢᠴᠡᠳᠬᠡᠬᠦ︾ ᠠᠷᠭ᠎ᠠ ᠮᠠᠶ᠋ᠢᠭ ᠢᠶᠠᠷ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠵᠢᠭᠡᠯᠡᠯᠭᠡ ᠬᠠᠩᠭᠠᠵᠤ᠂ ᠵᠢᠭᠡᠯᠡᠭᠴᠢ ᠠᠴᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠠᠷᠭ᠎ᠠ ᠵᠠᠮ ᠢᠶᠠᠷ ᠭᠤᠶᠤᠴᠢᠯᠠᠵᠤ ᠪᠣᠯᠤᠨ᠎ᠠ᠂ ᠭᠤᠷᠪᠠᠨ ᠲᠠᠯ᠎ᠠ ᠶᠢᠨ ᠬᠠᠮᠲᠤᠷᠠᠭᠰᠠᠨ ᠲᠤᠭ᠎ᠠ ᠪᠠᠷᠢᠮᠲᠠ ᠶᠢ ᠲᠢᠭᠯᠡᠵᠣ᠂ ᠣᠯᠠᠩᠬᠢ ᠲᠣᠭᠠᠨ ᠤ ᠭᠦᠢᠴᠡᠳᠬᠡᠯ ᠲᠤᠭ᠎ᠠ ᠶᠢ ᠦᠨᠳᠦᠰᠦᠯᠡᠨ᠂ ᠣᠯᠠᠨ ᠲᠠᠯ᠎ᠠ ᠠᠴᠠ ᠬᠡᠷᠡᠭᠯᠡᠭᠴᠢᠳ ᠲᠤ ᠢᠲᠡᠭᠡᠮᠵᠢ ᠶᠢᠨ ᠬᠤᠪᠢ ᠲᠣᠭᠲᠠᠭᠠᠵᠤ᠂ ᠬᠤᠪᠢ ᠲᠣᠭᠲᠠᠭᠠᠬᠤ ᠪᠠᠷ ᠳᠠᠮᠵᠢᠭᠤᠯᠤᠨ ︽ᠵᠢᠭᠡᠯᠡᠯᠭᠡ ᠶᠢ ᠲᠣᠭᠲᠠᠭᠠᠵᠤ ᠢᠲᠡᠭᠡᠮᠵᠢ ᠶᠢ ᠨᠡᠮᠡᠭᠳᠡᠭᠦᠯᠬᠦ︾ ᠠᠷᠭ᠎ᠠ ᠶᠢ ᠬᠡᠷᠡᠭᠵᠢᠭᠦᠯᠵᠦ᠂ ᠬᠠᠮᠤᠭ ᠤᠨ ᠲᠦᠷᠭᠡᠨ ᠳᠤ ᠪᠠᠨ 30 ᠮᠢᠨᠦ᠋ᠲ ᠲᠤ ᠳᠠᠷᠤᠢ ᠵᠢᠭᠡᠯᠡᠯᠭᠡ ᠶᠢᠨ ᠬᠢᠨᠠᠨ ᠵᠥᠪᠰᠢᠶᠡᠷᠡᠯ ᠢ ᠪᠠᠲᠤᠯᠠᠵᠤ ᠪᠣᠯᠤᠨ᠎ᠠ᠃ ᠨᠢᠭᠡ ᠯᠡ ᠤᠳᠠᠭ᠎ᠠ ᠳᠤ ᠢᠲᠡᠭᠡᠮᠵᠢ ᠣᠯᠭᠤᠬᠤ᠂ ᠬᠡᠷᠡᠭᠴᠡᠭᠡ ᠪᠠᠷ ᠪᠡᠯᠨ ᠭᠠᠷᠭᠠᠵᠤ ᠠᠪᠬᠤ᠂ ᠡᠷᠭᠢᠯᠳᠦᠭᠦᠯᠦᠨ ᠬᠡᠷᠡᠭᠯᠡᠬᠦ᠂ ᠬᠡᠵᠢᠶ᠎ᠠ ᠴᠣ᠋ ᠵᠢᠬᠡᠯᠡᠵᠣ ᠬᠡᠵᠢᠶ᠎ᠠ ᠴᠣ᠋ ᠪᠣᠴᠠᠭᠠᠵᠣ ᠪᠣᠯᠬᠤ ᠵᠠᠷᠬᠡ ᠪᠠᠷ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠢᠭᠡᠯᠡᠯᠭᠡ ᠤᠯᠬᠤ ᠪᠣᠯᠤᠯᠴᠠᠭ᠎ᠠ ᠶᠢ ᠦᠨᠡᠨ ᠬᠦ ᠳᠡᠭᠡᠭᠰᠢᠯᠡᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠠᠷᠢᠴᠠᠭᠠᠨ ᠤ ᠵᠦᠢᠯᠡᠰ᠂ ᠵᠢᠭᠡᠯᠡᠯᠭᠡ ᠪᠠ ᠪᠡᠯᠡ ᠲᠣᠬᠢᠷᠠᠭᠤᠯᠬᠤ ᠲᠠᠯ᠎ᠠ ᠪᠠᠷ ᠲᠤᠯᠭᠠᠷᠠᠵᠤ ᠪᠠᠶᠢᠭ᠎ᠠ ᠬᠦᠴᠢᠷᠳᠡᠯ ᠢ ᠨᠠᠯᠢᠶᠠᠳ ᠬᠡᠮᠵᠢᠶᠠᠨ ᠳᠤ ᠰᠢᠢᠳᠪᠣᠷᠢᠯᠡᠬᠦ ᠶᠢᠨ ᠬᠠᠮᠲᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠣᠷᠣᠨ ᠪᠦᠰᠡ ᠶᠢᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠬᠠᠩᠭᠠᠪᠠ᠃      ᠲᠠᠷᠠᠭᠠᠴᠢ ᠶᠢᠨ ᠠᠯᠬᠤᠮ ᠳᠤ᠂ ᠲᠣᠰ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠤᠪᠢ ᠶᠢᠨ ᠦᠢᠯᠡᠳᠪᠣᠷᠢ ᠬᠤᠳᠠᠯᠳᠤᠭᠠᠨ ᠤ ᠡᠷᠦᠬᠡ᠂ ᠵᠢᠵᠢᠭ ᠪᠢᠴᠢᠯ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠶ ᠪᠠᠷ ᠬᠤᠳᠠᠯᠳᠤᠭ᠎ᠠ ᠡᠷᠭᠢᠯᠡᠬᠦ᠂ ᠬᠠᠤᠯᠢ ᠶᠢ ᠰᠠᠬᠢᠵᠤ ᠡᠵᠡᠩᠨᠡᠬᠦ ᠶᠢ ᠪᠦᠲᠦᠮᠵᠢᠲᠡᠶ ᠬᠥᠲᠥᠯᠦᠨ ᠵᠢᠯᠣᠭᠤᠳᠴᠤ᠂ ᠢᠲᠡᠭᠡᠮᠵᠢ ᠲᠠᠢ ᠪᠠᠶᠢᠵᠤ ᠠᠮᠠᠯᠠᠯᠲᠠ ᠪᠠᠨ ᠬᠦᠢᠴᠡᠳᠬᠡᠬᠦ ᠰᠢᠯᠢᠳᠡᠭ ᠤᠯᠠᠮᠵᠢᠯᠠᠯ ᠢ ᠰᠠᠶᠢᠲᠤᠷ  ᠪᠠᠳᠠᠷᠠᠭᠤᠯᠣᠨ᠎ᠠ᠃ ᠡᠭᠦᠨ ᠤ ᠬᠠᠮᠲᠤ᠂ ᠢᠲᠡᠭᠡᠮᠵᠢ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠦᠪᠤᠷ ᠮᠤᠩᠭᠤᠯ ᠤᠨ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ︾᠎ ᠶᠢᠨ ᠢᠲᠡᠭᠡᠮᠵᠢ ᠣᠯᠭᠤᠬᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠵᠢᠵᠢᠭ ᠪᠢᠴᠢᠯ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠪᠡᠯᠡ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠨᠠᠮᠳᠠᠭᠤᠯᠬᠤ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠢᠲᠡᠭᠡᠯ ᠵᠣᠷᠢᠭ ᠢ ᠨᠡᠮᠡᠭᠳᠡᠭᠦᠯᠬᠦ ᠲᠠᠯ᠎ᠠ ᠪᠠᠷ ᠬᠢ ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠶᠠᠨᠵᠢᠬᠦᠯᠣᠨ᠎ᠠ᠃ ᠥᠷᠭᠡᠨ ᠤᠯᠠᠨ ᠬᠤᠪᠢ ᠬᠦᠮᠦᠨ ᠪᠠ ᠬᠤᠪᠢ ᠶᠢᠨ ᠡᠵᠡᠩᠨᠡᠯᠳᠠ ᠶᠢᠨ ᠡᠷᠦᠬᠡ ᠶᠢ  ᠲᠠᠶᠢᠴᠢᠯᠠᠨ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ᠂ ᠬᠠᠤᠯᠢ ᠶᠢ ᠵᠢᠷᠤᠮᠯᠠᠨ ᠡᠵᠡᠩᠨᠡᠬᠦ ᠶᠢ ᠪᠠᠷᠢᠮᠲᠠᠯᠠᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号