ᠠᠪᠠᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ 2024 ᠣᠨ ᠤ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19
     ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠠᠵᠢᠯᠲᠠᠨ ᠤ ᠶᠡᠷᠦᠩᠬᠡᠶᠢᠯᠡᠭᠰᠡᠨ ᠬᠡᠪ ᠴᠢᠨᠠᠷ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠡᠩᠨᠡᠭᠡ ᠶᠢ ᠪᠠᠬᠢᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠶᠢ ᠭᠠᠷᠲᠠᠨ ᠭᠦᠢᠴᠡᠳᠬᠡᠬᠦ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 3 ᠰᠠᠷ᠎ᠠ ᠶᠢᠨ 14᠎ ᠤ ᠡᠳᠦᠷ᠂ ᠠᠪᠠᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠥᠬᠦ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠡᠯ᠎ᠡ ᠰᠤᠮᠤ ᠪᠠᠯᠭᠠᠰᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠠᠷᠠᠳ ᠤᠨ ᠶᠠᠪᠤᠳᠠᠯ ᠤᠨ ᠲᠤᠰᠠᠯᠠᠭᠴᠢ᠂ ᠭᠠᠴᠠᠭᠠᠨ ︵ᠨᠡᠶᠢᠭᠡᠮ ᠲᠣᠭᠤᠷᠢᠭ︶᠎ ᠤ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ᠂ ᠲᠤᠬᠠᠶᠢᠯᠠᠭᠰᠠᠨ ᠠᠵᠢᠯ ᠤᠨ ᠠᠵᠢᠯᠲᠠᠨ 50 ᠭᠠᠷᠤᠶ ᠬᠥᠮᠦᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠳᠤ ᠣᠷᠣᠯᠴᠠᠪᠠ᠃      ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠶᠠᠨ ᠯᠢ ᠬᠤᠩ ᠪᠣᠯᠪᠠᠰᠤᠷᠠᠯ ᠤᠨ ᠬᠤᠷᠠᠯ ᠢ ᠡᠷᠭᠢᠯᠡᠵᠦ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠰᠠᠶᠢᠲᠤᠷ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ᠂ ᠬᠦᠴᠢᠷᠳᠡᠯᠲᠡᠢ ᠤᠯᠠᠨ ᠲᠦᠮᠡᠨ ᠢ ᠬᠠᠶᠢᠷᠠᠯᠠᠨ ᠬᠠᠯᠠᠮᠵᠢᠯᠠᠬᠤ ᠪᠠ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠲᠠᠳᠠᠨᠤᠰ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠬᠤ ᠬᠡᠷᠡᠭᠲᠡᠢ᠃ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠯᠲᠠ ᠶᠢ ᠰᠠᠶᠢᠲᠤᠷ ᠬᠢᠬᠦ ᠶᠢ ᠪᠠᠬᠢᠵᠢᠭᠦᠯᠵᠦ᠂ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠬᠤ ᠬᠡᠷᠡᠭᠲᠡᠢ᠃      ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠲᠤᠬᠠᠶ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠯᠲᠠ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠵᠡᠷᠭᠡ ᠲᠤᠬᠠᠶᠢᠯᠠᠭᠰᠠᠨ ᠠᠵᠢᠯ ᠤᠨ ᠲᠤᠬᠠᠶ ᠲᠥᠷᠥ ᠶᠢᠨ ᠪᠣᠳᠣᠯᠭ᠎ᠠ ᠶᠢ ᠣᠶᠢᠯᠠᠭᠠᠬᠤ᠂ ᠭᠤᠶᠤᠴᠢᠯᠠᠨ ᠮᠡᠳᠡᠭᠦᠯᠬᠦ ᠶᠠᠪᠤᠴᠠ᠂ ᠲᠠᠷᠬᠠᠭᠠᠬᠤ ᠬᠡᠯᠪᠡᠷᠢ ᠪᠠ ᠡᠮᠬᠢᠯᠡᠨ ᠲᠠᠩᠰᠠ ᠡᠪᠬᠡᠮᠡᠯ ᠳᠤ ᠣᠷᠣᠭᠤᠯᠬᠤ ᠵᠡᠷᠭᠡ ᠲᠠᠯ᠎ᠠ ᠪᠠᠷ ᠲᠠᠶᠢᠯᠤᠮᠵᠢ ᠬᠢᠬᠦ ᠶᠢᠨ ᠬᠠᠮᠲᠤ ᠬᠤᠷᠠᠯ ᠳᠤ ᠣᠷᠣᠯᠴᠠᠭᠰᠠᠳ ᠲᠠᠢ ᠡᠳᠦᠷ ᠲᠤᠲᠤᠮ ᠤᠨ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃      ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯᠲᠠᠨ ᠤ ᠬᠦᠴᠢᠷᠳᠡᠯᠲᠡᠶ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠦᠢᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠶᠠᠰᠤ ᠴᠢᠨᠠᠷ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠢᠯ ᠤᠨ ᠡᠭᠦᠷᠭᠡ ᠪᠠ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃      ᠲᠠᠷᠠᠭᠠᠴᠢ ᠶᠢᠨ ᠠᠯᠬᠤᠮ ᠳᠤ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ︽ᠠᠷᠠᠳ ᠲᠦᠮᠡᠨ ᠢᠶᠠᠷ ᠭᠤᠤᠯ ᠪᠣᠯᠭᠠᠬᠤ᠂ ᠠᠷᠠᠳ ᠲᠦᠮᠡᠨ ᠤ ᠲᠥᠯᠥᠭᠡ ᠬᠦᠴᠢᠷᠳᠡᠯ ᠢ ᠰᠢᠢᠳᠪᠦᠷᠢᠯᠡᠬᠦ᠂ ᠠᠷᠠᠳ ᠲᠦᠮᠡᠨ ᠳᠤ ᠦᠢᠯᠡᠴᠢᠯᠡᠬᠦ︾ ᠠᠵᠢᠯ ᠤᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠠᠷᠭ᠎ᠠ ᠵᠠᠮ ᠢᠶᠠᠷ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠤᠬᠠᠭᠤᠯᠬᠤ ᠠᠵᠢᠯ ᠢ ᠥᠷᠨᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠶᠢ ᠵᠣᠭᠰᠣᠴᠠ ᠪᠣᠯᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号