ᠠᠪᠠᠭ᠎ᠠ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠬᠥᠳᠡᠭᠡ ᠪᠠᠭᠤᠵᠤ ᠬᠠᠪᠰᠤᠷᠤᠨ ᠵᠢᠯᠣᠭᠤᠳᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/3/19
     ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠡᠮᠨᠡᠯᠭᠡ ᠶᠢᠨ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠭᠦᠷᠭᠡ ᠴᠢᠳᠠᠪᠤᠷᠢ ᠶᠢ ᠰᠠᠶᠢᠲᠤᠷ  ᠪᠠᠳᠠᠷᠠᠭᠤᠯᠤᠨ᠂ ᠦᠨᠳᠦᠰᠦᠨ ᠱᠠᠲᠤ ᠯᠤᠭ᠎ᠠ ᠶᠢᠨ ᠨᠡᠪᠲᠡᠷᠡᠯᠴᠡᠭᠡ ᠬᠠᠮᠳᠤᠷᠠᠯᠴᠠᠭ᠎ᠠ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠣᠯᠠᠨ ᠲᠦᠮᠡᠨ ᠳᠤ ᠨᠠᠩ ᠰᠠᠶᠢᠨ᠂ ᠦᠡᠳᠤᠰᠤᠨ ᠱᠠᠳᠤᠨ ᠳᠤ ᠬᠦᠷᠴᠤ ᠬᠤᠰᠢᠭᠤ ᠲᠠᠰ ᠤᠨ ᠡᠮᠨᠡᠯᠭᠡ ᠶᠢᠨ ᠬᠤᠷᠢᠶᠠᠨ ᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠭᠡᠵᠦ᠂ ᠠᠷᠠᠳ ᠣᠯᠠᠨ ᠤ ᠡᠪᠡᠳᠴᠢᠨ ᠦᠵᠡᠭᠦᠯᠬᠦ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠃ 3 ᠰᠠᠷ᠎ᠠ ᠶᠢᠨ 13᠎ ᠤ ᠡᠳᠦᠷ ᠠᠴᠠ 14᠎ ᠤ ᠡᠳᠦᠷ ᠪᠣᠯᠲᠠᠯ᠎ᠠ᠂ ᠮᠠᠨ ᠤ ᠬᠤᠷᠢᠶᠠᠨ ᠤ ᠤᠳᠤᠷᠢᠳᠬᠤ ᠪᠠᠭ ᠪᠥᠬᠦ ᠬᠤᠰᠢᠭᠤᠨ ᠤ 9 ᠡᠷᠡᠭᠦᠯ ᠬᠠᠮᠠᠭᠠᠯᠠᠯ ᠤᠨ ᠬᠤᠷᠢᠶ᠎ᠠ ᠳᠤ ᠭᠦᠨᠵᠡᠭᠡᠶᠢᠷᠡᠨ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ᠂ ᠬᠠᠶᠢᠷ᠎ᠠ ᠬᠠᠯᠠᠮᠵᠢ ᠬᠦᠷᠭᠡᠬᠦ ᠠᠵᠢᠯ ᠥᠷᠨᠢᠭᠦᠯᠪᠡ᠃      ᠲᠤᠬᠠᠶ ᠶᠢᠨ ᠲᠠᠯᠠᠪᠠᠢ ᠳᠤ᠂ ᠤᠳᠤᠷᠢᠳᠬᠤ ᠪᠠᠭ ᠠᠴᠠ ᠡᠷᠡᠭᠦᠯ ᠬᠠᠮᠠᠭᠠᠯᠠᠯ ᠤᠨ ᠬᠤᠷᠢᠶᠠᠨ ᠤ ᠮᠣᠩᠭᠤᠯ ᠡᠮᠨᠡᠯᠭᠡ ᠶᠢᠨ ᠲᠠᠰᠤᠭ᠂ ᠮᠣᠩᠭᠤᠯ ᠡᠮ ᠤᠨ ᠲᠠᠰᠤᠭ᠂ ᠧᠦ᠋ᠷᠣᠫᠠ ᠡᠮ ᠤᠨ ᠲᠠᠰᠤᠭ ᠵᠡᠷᠭᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠤᠪᠢᠶᠠᠷᠢ ᠬᠤᠷᠢᠶᠠᠨ ᠤ ᠦᠨᠳᠦᠰᠦᠨ ᠪᠠᠶᠢᠳᠠᠯ ᠢ ᠨᠠᠷᠢᠨ ᠣᠶᠢᠯᠠᠭᠠᠪᠠ᠃ ᠮᠠᠨ ᠤ ᠬᠤᠷᠢᠶᠠᠨ ᠤ ᠤᠳᠤᠷᠢᠳᠬᠤ ᠪᠠᠭ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠤᠨ ᠲᠤᠬᠠᠢ ᠵᠢᠯᠣᠭᠤᠳᠬᠤ ᠰᠠᠨᠠᠯ ᠵᠢᠴᠢ ᠰᠢᠢᠳᠪᠦᠷᠢᠯᠡᠬᠦ ᠲᠥᠰᠥᠯ ᠳᠤᠷᠠᠳᠴᠠᠢ᠃ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠮᠡᠷᠭᠡᠵᠢᠯᠲᠡᠨ ᠵᠢᠴᠢ ᠡᠮᠴᠢ ᠰᠤᠪᠢᠯᠠᠭᠴᠢ ᠶᠢᠨ ᠪᠦᠯᠬᠦᠮ ᠨᠡᠶᠢᠲᠡ ᠶᠢ ᠡᠷᠡᠭᠦᠯ ᠬᠠᠮᠠᠭᠠᠯᠠᠯ ᠤᠨ ᠬᠤᠷᠢᠶᠠᠨ ᠤ ᠡᠭᠦᠳᠡᠨ ᠡᠮᠨᠡᠯᠭᠡ ᠳᠤ ᠰᠠᠭᠤᠯᠭᠠᠵᠤ᠂ ᠰᠤᠪᠢᠯᠠᠬᠤ ᠤᠷ᠎ᠠ ᠴᠢᠳᠠᠪᠤᠷᠢ ᠵᠢᠴᠢ ᠡᠮᠴᠢᠯᠡᠭᠡᠨ ᠤ ᠲᠥᠬᠦᠭᠡᠷᠦᠮᠵᠢ ᠶᠢᠨ ᠬᠡᠷᠡᠭᠯᠡᠯᠲᠡ ᠶᠢ ᠪᠣᠯᠪᠠᠰᠤᠷᠠᠭᠤᠯᠵᠤ᠂ ᠦᠨᠳᠦᠰᠦᠨ ᠱᠠᠲᠤᠨ ᠤ ᠡᠮᠴᠢ ᠰᠤᠪᠢᠯᠠᠭᠴᠢ ᠲᠣᠭᠲᠠᠮᠠᠯ ᠬᠤᠭᠤᠴᠠᠭ᠎ᠠ ᠲᠠᠢ ᠪᠠᠷ ᠮᠠᠨ ᠤ ᠬᠤᠷᠢᠶᠠᠨ ᠳᠤ ᠬᠦᠷᠴᠦ ᠳᠠᠪᠲᠠᠨ ᠪᠣᠯᠪᠠᠰᠤᠷᠠᠵᠤ᠂ ᠮᠣᠩᠭᠤᠯ ᠡᠮ ᠡᠮᠨᠡᠯᠭᠡ ᠶᠢᠨ ᠮᠡᠳᠡᠯᠭᠡ ᠶᠢ ᠰᠤᠷᠤᠯᠴᠠᠭᠤᠯᠤᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠭᠵᠢᠯᠲᠡ ᠶᠢᠨ ᠳᠤᠮᠳᠠᠬᠢ ᠴᠢᠳᠠᠪᠤᠷᠢᠲᠠᠨ ᠢ ᠬᠥᠮᠦᠵᠢᠭᠦᠯᠬᠦ᠂ ᠮᠡᠷᠭᠡᠵᠢᠯ ᠤᠨ ᠬᠢᠷᠢ ᠬᠡᠮᠵᠢᠶ᠎ᠡ᠂ ᠲᠥᠬᠦᠭᠡᠷᠦᠮᠵᠢ ᠶᠢ ᠠᠵᠢᠯᠯᠠᠭᠤᠯᠬᠤ ᠵᠢᠴᠢ ᠬᠠᠮᠢᠶᠠᠷᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠦᠨᠡᠨ ᠬᠦ ᠪᠠᠭᠤᠯᠭᠠᠨ᠂ ᠬᠤᠪᠢᠶᠠᠷᠢ ᠡᠮᠨᠡᠯᠭᠡ ᠶᠢᠨ ᠬᠤᠷᠢᠶᠠᠨ ᠤ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠳᠤ ᠬᠤᠰᠢᠭᠤᠨ ᠠᠴᠠ ᠭᠠᠷᠬᠤ ᠥᠬᠡᠶ ᠪᠠᠷ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠤ ᠡᠮᠴᠢᠯᠡᠭᠡᠨ ᠤ ᠦᠢᠯᠡᠴᠢᠯᠡᠭᠡ ᠬᠦᠷᠲᠡᠭᠡᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号