3 ᠰᠠᠷ᠎ᠠ ᠶᠢᠨ 15 ᠤ ᠡᠳᠦᠷ᠂ ᠠᠪᠠᠭ᠎ᠠ ᠬᠤᠰᠢᠭᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠬᠠᠤᠯᠢ | ᠴᠠᠭᠠᠵᠠ ᠶᠢᠨ ᠵᠥᠪᠯᠡᠯᠭᠡ ᠥᠭᠬᠦ ᠲᠤᠰᠬᠠᠶ ᠮᠡᠷᠭᠡᠵᠢᠯᠲᠡᠨ ᠢ ᠤᠷᠢᠨ ᠲᠣᠮᠢᠯᠠᠬᠤ ᠶᠣᠰᠣᠯᠠᠯ ᠶᠠᠪᠤᠭᠤᠯᠵᠤ᠂ ᠬᠠᠤᠯᠢ | ᠴᠠᠭᠠᠵᠠ ᠶᠢᠨ ᠵᠥᠪᠯᠡᠯᠭᠡ ᠥᠭᠬᠦ 5 ᠲᠤᠰᠬᠠᠶ ᠮᠡᠷᠭᠡᠵᠢᠯᠲᠡᠨ ᠳᠤ ᠤᠷᠢᠯᠭ᠎ᠠ ᠶᠢᠨ ᠪᠢᠴᠢᠭ ᠭᠠᠷᠳᠠᠭᠤᠯᠵᠤ᠂ ᠬᠠᠤᠯᠢ | ᠴᠠᠭᠠᠵᠠ ᠶᠢᠨ ᠲᠤᠰᠬᠠᠶ ᠮᠡᠷᠭᠡᠵᠢᠯᠲᠡᠨ ᠬᠠᠤᠯᠢ ᠴᠠᠭᠠᠵᠠ ᠶᠢᠨ ᠠᠵᠢᠯᠲᠠᠨ ᠢ ᠳᠠᠭᠠᠭᠤᠯᠤᠨ ᠲᠤᠭ ᠲᠡᠮᠳᠡᠭ | ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠬᠠᠤᠯᠢ ᠪᠠᠷ ᠬᠤᠰᠢᠭᠤ ᠪᠠᠨ ᠵᠠᠰᠠᠬᠤ ︽ᠤᠶᠤᠳᠤ ᠪᠦᠯᠬᠦᠮ︾᠂ | ︽ᠦᠵᠡᠯ ᠰᠠᠨᠠᠭᠠᠨ ᠤ ᠬᠥᠮᠥᠷᠭᠡ︾᠂ ︽ᠴᠢᠳᠠᠪᠤᠷᠢᠲᠠᠨ ᠤ ᠬᠥᠮᠥᠷᠭᠡ︾ ᠶᠢᠨ ᠦᠢᠯᠡᠳᠤᠯ ᠢ ᠬᠦᠢᠴᠡᠳ | ᠪᠠᠳᠠᠷᠠᠭᠤᠯᠵᠤ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠠᠪᠠᠭ᠎ᠠ᠂ ᠬᠠᠤᠯᠢ ᠪᠠᠷ ᠵᠠᠰᠠᠬᠤ | ᠠᠪᠠᠭ᠎ᠠ ᠶᠢᠨ ᠪᠥᠲᠥᠭᠡᠨ ᠪᠠᠶᠢᠭᠤᠯᠤᠯᠲᠠ ᠳᠤ ᠴᠢᠨᠠᠷ ᠰᠠᠶᠢᠲᠠᠶ ᠬᠠᠤᠯᠢ ᠪᠠᠷ ᠵᠠᠰᠠᠬᠤ ᠦᠢᠯᠡᠴᠢᠯᠡᠭᠡ ᠬᠠᠩᠭᠠᠬᠤ ᠶᠢ | ᠤᠷᠢᠶᠠᠯᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠡᠭᠡᠲᠦ ᠲᠡᠰ ᠤᠨ ᠬᠠᠤᠯᠢ ᠴᠠᠭᠠᠵᠠ ᠶᠢᠨ ᠵᠥᠪᠯᠡᠯᠭᠡ ᠥᠭᠬᠦ | ᠲᠤᠰᠬᠠᠶ ᠮᠡᠷᠭᠡᠵᠢᠯᠲᠡᠨ ᠤ ᠲᠦᠷᠢᠮ ᠢ ᠪᠠᠶᠢᠭᠤᠯᠬᠤ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ | ᠲᠤᠤᠱᠯᠠᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠠᠷᠢᠨ | ᠣᠶᠢᠯᠠᠭᠠᠵᠤ᠂ ᠲᠡᠷᠢᠭᠦᠨ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠶ ᠮᠡᠷᠭᠡᠵᠢᠯᠲᠡᠨ ᠤ ᠠᠵᠢᠯ ᠤᠨ ᠢᠮᠠᠭᠲᠠ | ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠶᠠᠪᠤᠳᠠᠯ ᠪᠣᠯᠤᠨ᠎ᠠ᠂ ᠲᠡᠭᠡᠲᠦ ᠲᠡᠰ ᠤᠨ ᠬᠠᠤᠯᠢ ᠴᠠᠭᠠᠵᠠ ᠶᠢᠨ | ᠵᠥᠪᠯᠡᠯᠭᠡ ᠥᠭᠬᠦ ᠲᠤᠰᠬᠠᠶ ᠮᠡᠷᠭᠡᠵᠢᠯᠲᠡᠨ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠶᠢᠨ ᠨᠤᠲᠠᠯᠠᠯᠲᠠ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ | ᠬᠦᠨᠳᠦ ᠶᠡᠭᠡ ᠵᠥᠷᠢᠴᠡᠯ ᠵᠢᠭᠤᠷᠠᠭᠠᠨ ᠢ ᠡᠶᠡᠳᠡᠭᠦᠯᠦᠨ ᠰᠢᠢᠳᠪᠤᠷᠢᠯᠡᠬᠦ᠂ ᠴᠢᠬᠤᠯᠠ ᠶᠡᠭᠡ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠤᠷᠢᠯᠡᠬᠦ ᠶᠢᠨ ᠲᠣᠭᠤᠷᠢᠨ ᠳᠤ ᠬᠠᠤᠯᠢ ᠴᠠᠭᠠᠵᠠ ᠶᠢᠨ ᠵᠥᠪᠯᠡᠯᠭᠡ | ᠰᠠᠨᠠᠭᠤᠯᠭ᠎ᠠ ᠬᠠᠩᠭᠠᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠨᠠᠷᠢᠯᠢᠭ ᠣᠨᠣᠴᠠᠲᠠᠶ ᠬᠠᠤᠯᠢ ᠪᠠᠷ | ᠵᠠᠰᠠᠬᠤ ᠦᠢᠯᠡᠴᠢᠯᠡᠭᠡ᠂ ᠬᠦᠴᠦᠲᠡᠶ ᠬᠠᠤᠯᠢ ᠴᠠᠭᠠᠵᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠶ᠃ | |