ᠠᠪᠠᠭ᠎ᠠ ᠬᠤᠰᠢᠭᠤᠨ ᠤ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠤᠭᠤᠳᠤᠭᠴᠢ ᠶᠢᠨ ᠤᠷ᠎ᠠ ᠮᠡᠷᠭᠡᠵᠢᠯ ᠤᠨ ᠤᠷᠤᠯᠳᠤᠭᠠᠨ ᠳᠤ ᠰᠢᠯᠢᠳᠡᠭ ᠬᠢᠷᠢ ᠪᠦᠳᠤᠮᠵᠢ ᠤᠯᠪᠠ
ᠨᠡᠶᠢᠲᠡᠯᠡᠭᠰᠡᠨ ᠴᠠᠭ᠄
2024/3/20
     3 ᠰᠠᠷ᠎ᠠ ᠶᠢᠨ 17 ᠤ ᠡᠳᠦᠷ᠂ ᠠᠶᠢᠮᠠᠭ ᠤᠨ ᠡᠪᠯᠡᠯ ᠤᠨ ᠬᠤᠷᠢᠶ᠎ᠠ᠂ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠶᠢᠮᠠᠭ ᠤᠨ ᠪᠠᠭᠠᠴᠤᠳ ᠤᠨ ᠠᠵᠢᠯ ᠤᠨ ᠬᠤᠷᠢᠶ᠎ᠠ ᠠᠴᠠ ᠬᠠᠮᠲᠤᠷᠠᠨ ᠡᠷᠭᠢᠯᠡᠭᠰᠡᠨ ᠰᠢᠯᠢ ᠶᠢᠨ ᠭᠤᠤᠯ ᠠᠶᠢᠮᠠᠭ ᠤᠨ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢᠨ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠵᠢᠴᠢ ᠰᠢᠯᠢ ᠶᠢᠨ ᠭᠤᠤᠯ ᠠᠶᠢᠮᠠᠭ ᠤᠨ ᠳᠥᠷᠪᠡᠳᠦᠭᠡᠷ ᠬᠤᠭᠤᠴᠠᠭᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃      ᠲᠣᠰ ᠤᠳᠠᠭᠠᠨ ᠤ ᠤᠷᠤᠯᠳᠤᠭᠠᠨ ᠢ ᠰᠢᠨ᠎ᠡ ᠴᠠᠭ ᠦᠶ᠎ᠡ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠣᠨᠣᠯ ᠤᠨ ᠮᠡᠳᠡᠯᠭᠡ ᠶᠢᠨ ᠰᠣᠷᠢᠯᠲᠠ᠂ ᠣᠨᠣᠯ ᠤᠨ ᠤᠬᠠᠭᠤᠯᠤᠨ ᠲᠠᠶᠢᠯᠪᠤᠷᠢᠯᠠᠯᠲᠠ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠠᠬᠤᠶ ᠪᠠᠶᠢᠳᠠᠯ ᠤᠨ ᠠᠰᠠᠭᠤᠯᠲᠠ ᠬᠠᠷᠢᠭᠤᠯᠲᠠ᠂ ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠠᠵᠢᠯᠯᠠᠭ᠎ᠠ ᠶᠢᠨ ᠬᠡᠷᠡᠭ ᠤᠨ ᠵᠢᠱᠢᠶ᠎ᠡ ᠶᠢ ᠳᠡᠯᠭᠡᠨ ᠦᠵᠡᠭᠦᠯᠬᠦ ᠳᠥᠷᠪᠡᠨ ᠭᠤᠭᠴᠤᠭ᠎ᠠ ᠬᠤᠪᠢᠶᠠᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠠᠪᠠᠭ᠎ᠠ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠶᠡᠭᠡ ᠠᠩᠭᠢ ᠶᠢᠨ ᠬᠠᠪᠰᠤᠷᠤᠨ ᠵᠢᠯᠣᠭᠤᠳᠣᠭᠴᠢ ᠺᠦᠩ ᠹᠠᠨ ᠢᠦᠶ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠠᠪᠠᠭ᠎ᠠ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠳᠤᠮᠳᠠ ᠠᠩᠭᠢ ᠶᠢᠨ ᠬᠠᠪᠰᠤᠷᠤᠨ ᠵᠢᠯᠣᠭᠤᠳᠣᠭᠴᠢ ᠪᠦᠦ ᠶᠢᠩ ᠰᠢ ᠴᠢᠳᠠᠪᠤᠷᠢᠲᠠᠨ ᠤ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠠᠪᠠᠭ᠎ᠠ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠳᠤᠮᠳᠠ ᠠᠩᠭᠢ ᠶᠢᠨ ᠬᠠᠪᠰᠤᠷᠤᠨ ᠵᠢᠯᠣᠭᠤᠳᠣᠭᠴᠢ ᠬᠤᠩ ᠵᠧᠨ ᠰᠢᠯᠢᠳᠡᠭ ᠱᠠᠩᠨᠠᠯ ᠭᠥᠷᠳᠡᠵᠦ᠂ ᠠᠪᠠᠭ᠎ᠠ ᠬᠤᠰᠢᠭᠤᠨ ᠤ ᠪᠠᠭᠠᠴᠤᠳ ᠤᠨ ᠠᠵᠢᠯ ᠤᠨ ᠬᠤᠷᠢᠶ᠎ᠠ ᠪᠦᠯᠬᠦᠮ ᠨᠢᠬᠡᠴᠠ ᠶᠢᠨ ᠰᠢᠯᠢᠳᠡᠭ ᠱᠠᠩᠨᠠᠯ ᠪᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠪᠡ᠃      ᠪᠦᠯᠬᠦᠮ ᠨᠢᠭᠡᠴᠢ ᠶᠢᠨ ᠰᠢᠯᠢᠳᠡᠭ ᠱᠠᠩᠨᠠᠯ ᠪᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ
     ᠴᠢᠳᠠᠪᠤᠷᠢᠳᠠᠨ ᠤ ᠬᠤᠶᠠᠳᠤᠭᠠᠷ ᠲᠡᠰ ᠤᠨ ᠱᠠᠩᠨᠠᠯ
     ᠵᠢᠱᠢᠶᠡᠴᠢ ᠶᠢᠨ ᠨᠢᠭᠡᠳᠦᠭᠡᠷ ᠳᠡᠰ ᠤᠨ ᠱᠠᠩᠨᠠᠯ
     ᠰᠢᠯᠢᠳᠡᠭ ᠱᠠᠩᠨᠠᠯ
     ᠲᠣᠰ ᠤᠳᠠᠭᠠᠨ ᠤ ᠤᠷᠤᠯᠳᠤᠭᠠᠨ ᠨᠢ ᠮᠠᠨ ᠤ ᠬᠤᠰᠢᠭᠤᠨ ᠤ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢᠨ ᠣᠨᠣᠯ ᠤᠨ ᠬᠡᠪ ᠪᠣᠯᠪᠠᠰᠤᠷᠠᠯ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠯᠠᠪᠳᠠᠭᠤᠨ ᠪᠠᠲᠤᠲᠠᠶ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢ ᠭᠦᠢᠴᠡᠳ ᠢᠯᠡᠷᠡᠭᠦᠯᠪᠡ᠃ ᠬᠤᠶᠢᠰᠢᠳᠠ᠂ ᠬᠤᠰᠢᠭᠤᠨ ᠤ ᠪᠠᠭᠠᠴᠤᠳ ᠤᠨ ᠠᠵᠢᠯ ᠤᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠪᠠᠭᠠᠴᠤᠳ ᠬᠡᠤᠬᠡᠳ ᠪᠠ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠣᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠥᠷᠥ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠠᠭᠠᠴᠤᠳ ᠬᠡᠤᠬᠡᠳ ᠤᠨ ᠤᠯᠤᠰ ᠲᠥᠷᠥ ᠶᠢᠨ ᠵᠢᠯᠣᠭᠤᠳᠤᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠳᠤ ᠤᠷ᠎ᠠ ᠴᠢᠳᠠᠪᠤᠷᠢ ᠶᠢᠨ ᠪᠣᠯᠪᠠᠰᠤᠷᠠᠯ᠂ ᠴᠤᠭ ᠵᠢᠪᠬᠤᠭ᠎ᠠ ᠶᠢ ᠳᠡᠯᠭᠡᠨ ᠦᠵᠡᠭᠦᠯᠬᠦ᠂ ᠰᠣᠯᠢᠯᠴᠠᠭ᠎ᠠ ᠬᠠᠮᠲᠤᠷᠠᠯᠴᠠᠭᠠᠨ ᠤ ᠰᠠᠶᠢᠨ ᠰᠠᠶᠢᠬᠠᠨ ᠲᠠᠪᠴᠠᠩ ᠢ ᠦᠷᠭᠦᠯᠵᠢᠯᠡᠨ ᠪᠠᠶᠢᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠳᠤ ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠬᠦ ᠣᠨᠣᠯ ᠤᠨ ᠡᠷᠡᠰ ᠪᠠᠲᠤ ᠡᠩᠨᠡᠭᠡ᠂ ᠢᠳᠡᠪᠬᠢᠲᠡᠶ ᠤᠯᠠᠮᠵᠢᠯᠠᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠶᠢ ᠬᠥᠲᠥᠯᠦᠨ ᠵᠢᠯᠣᠭᠤᠳᠴᠤ᠂ ︽ᠪᠠᠭᠠᠴᠤᠳ ᠬᠡᠤᠬᠡᠳ ᠤᠨ ᠦᠭᠡ ᠬᠡᠯᠡ︾ ᠪᠠᠷ ᠨᠠᠮ ᠤᠨ ᠰᠢᠨ᠎ᠡ ᠶᠢ ᠡᠭᠦᠳᠬᠦ ᠣᠨᠣᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠯᠠᠭᠠᠨ ᠤ ᠬᠢᠴᠢᠶᠡᠯ ᠢ ᠠᠮᠢᠳᠤᠯᠢᠭ ᠲᠥᠯᠥᠪᠯᠡᠨ ᠥᠷᠨᠢᠭᠦᠯᠵᠦ᠂ ᠥᠷᠭᠡᠨ ᠣᠯᠠᠨ ᠪᠠᠭᠠᠴᠤᠳ ᠬᠡᠤᠬᠡᠳ ᠢ ᠪᠦᠯᠬᠦᠮᠳᠡᠭᠦᠯᠦᠨ ᠬᠥᠮᠦᠵᠢᠭᠦᠯᠵᠦ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号