ᠠᠪᠠᠭ᠎ᠠ ᠬᠤᠰᠢᠭᠤᠨ ᠤ ᠲᠤᠰᠬᠠᠶ ᠮᠡᠷᠭᠡᠵᠢᠯᠲᠡᠨ ᠤ ᠪᠦᠯᠬᠦᠮ ᠢ ᠤᠷᠢᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠣᠭᠤᠷᠢᠨ ᠦᠵᠡᠬᠦ ᠴᠡᠭ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/3/22
     3 ᠰᠠᠷ᠎ᠠ ᠶᠢᠨ 19᠎ ᠤ ᠡᠳᠦᠷ᠂ ᠠᠪᠠᠭ᠎ᠠ ᠬᠤᠰᠢᠭᠤ ᠥᠪᠥᠷ ᠮᠣᠩᠭᠤᠯ ᠤᠨ ᠤᠮᠠᠷᠠᠲᠤ ᠬᠢᠯᠢ ᠶᠢᠨ ᠠᠶᠠᠯᠠᠯ ᠤᠨ ᠰᠤᠷᠭᠠᠨ ᠬᠥᠮᠦᠵᠢᠯ ᠤᠨ ᠲᠥᠪ ᠤᠨ ᠲᠤᠰᠬᠠᠶ ᠮᠡᠷᠭᠡᠵᠢᠯᠲᠡᠨ ᠤ ᠪᠦᠯᠬᠦᠮ ᠢ ᠤᠷᠢᠵᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠤᠨ ᠲᠣᠭᠤᠷᠢᠨ ᠦᠵᠡᠬᠦ ᠴᠡᠭ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠤᠤ ᠽᠢ ᠨᠠᠨ᠂ ᠬᠤᠩᠭᠤᠷᠭᠤᠤᠯ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠤᠤᠯ ᠬᠠᠷᠢᠭᠤᠴᠠᠯᠭᠠᠲᠠᠨ ᠪᠠᠷ᠎ᠠ ᠪᠣᠯᠪᠠ᠃      ᠲᠤᠰᠬᠠᠶ ᠮᠡᠷᠭᠡᠵᠢᠯᠲᠡᠨ ᠤ ᠪᠦᠯᠬᠦᠮ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠯᠪᠠᠨ ᠬᠡᠷ ᠲᠤ ᠬᠦᠷᠴᠦ ᠠᠪᠠᠭ᠎ᠠ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠢ ᠣᠶᠢᠯᠠᠭᠠᠵᠤ᠂ ᠮᠠᠨ ᠤ ᠬᠤᠰᠢᠭᠤᠨ ᠤ ︽ᠲᠠᠯ᠎ᠠ ᠨᠤᠲᠤᠭ ᠤᠨ ᠬᠦᠪᠡᠬᠦᠨ︾ ᠲᠢᠩ · ᠪᠠᠭᠠᠲᠤᠷ ᠤᠨ ᠨᠡᠶᠢᠲᠡᠯᠢᠭ ᠦᠢᠯᠡ ᠠᠵᠢᠯᠯᠠᠭ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠤᠬᠠᠭᠤᠯᠭ᠎ᠠ ᠶᠢᠨ ᠹᠢᠯᠢᠮ ᠢ ᠦᠵᠡᠵᠦ᠂ ᠵᠠᠰᠠᠪᠤᠷᠢ ᠣᠷᠣᠭᠤᠯᠬᠤ ᠰᠠᠨᠠᠯ ᠳᠤᠷᠠᠳᠪᠠ᠃      ᠲᠤᠰᠬᠠᠶ ᠮᠡᠷᠭᠡᠵᠢᠯᠲᠡᠨ ᠤ ᠪᠦᠯᠬᠦᠮ ᠤᠨ ᠬᠢᠨ ᠠᠪᠠᠭ᠎ᠠ ᠬᠤᠰᠢᠭᠤᠨ ᠤ ︽ᠲᠠᠯ᠎ᠠ ᠨᠤᠲᠤᠭ ᠤᠨ ᠬᠥᠪᠡᠭᠦᠨ︾ ᠲᠢᠩ · ᠪᠠᠭᠠᠲᠤᠷ ᠤᠨ ᠨᠡᠶᠢᠲᠡᠯᠢᠭ ᠦᠢᠯᠡ ᠠᠵᠢᠯᠯᠠᠭ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠳᠤ ᠬᠦᠷᠴᠦ᠂ ᠳᠡᠯᠭᠡᠨ ᠦᠵᠡᠭᠦᠯᠭᠡ ᠶᠢ ᠪᠠᠶᠢᠴᠠᠭᠠᠨ ᠦᠵᠡᠬᠦ᠂ ᠲᠠᠶᠢᠯᠤᠮᠵᠢ ᠰᠣᠨᠣᠰᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠪᠠᠭ᠎ᠠ ᠬᠤᠰᠢᠭᠤᠨ ᠤ ︽ᠤᠳᠤᠷᠢᠳᠬᠤ᠂ ᠠᠭᠤᠰᠤᠯᠴᠠᠬᠤ᠂ ᠰᠢᠭᠢᠳᠬᠡᠬᠦ᠂ ᠬᠠᠪᠰᠤᠷᠬᠤ︾ ᠳᠥᠷᠪᠡ ᠶᠢ ᠨᠢᠭᠡ ᠴᠣᠭᠴᠠᠵᠢᠭᠤᠯᠤᠭᠰᠠᠨ ᠲᠥᠷᠥᠯ ᠲᠡᠮᠳᠡᠭ ᠢ ᠪᠥᠬᠦ ᠲᠠᠯ᠎ᠠ ᠪᠠᠷ ᠡᠭᠦᠳᠦᠨ ᠪᠠᠶᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠣᠭᠤᠷᠢᠨ ᠦᠵᠡᠬᠦ ᠴᠡᠭ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠭᠰᠠᠨ ᠪᠥᠭᠡᠳ ᠭᠦᠢᠴᠡᠳ ᠨᠤᠲᠠᠯᠠᠵᠤ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠠ ᠴᠡᠭ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠠᠰᠠᠭᠤᠳᠠᠯ ᠢ ᠡᠷᠢᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠳᠤ ᠴᠢᠭᠯᠡᠭᠦᠯᠦᠨ᠂ ᠰᠡᠳᠬᠢᠴᠡ ᠪᠠᠨ ᠲᠣᠳᠣᠷᠬᠠᠶ ᠪᠣᠯᠭᠠᠬᠤ ᠶᠢᠨ ᠬᠠᠮᠲᠤ ᠬᠠᠪᠰᠤᠷᠤᠨ ᠵᠠᠰᠠᠪᠤᠷᠢ ᠣᠷᠣᠭᠤᠯᠬᠤ ᠰᠠᠨᠠᠯ ᠳᠤᠷᠠᠳᠴᠤ᠂ ᠲᠠᠷᠠᠭᠠᠴᠢ ᠶᠢᠨ ᠠᠯᠬᠤᠮ ᠤᠨ ᠲᠣᠭᠤᠷᠢᠨ ᠦᠵᠡᠬᠦ ᠴᠡᠭ ᠤᠨ ᠰᠢᠯᠢᠳᠡᠭᠵᠢᠨ ᠲᠠᠰ ᠳᠡᠪᠰᠢᠭᠦᠯᠬᠦ ᠠᠵᠢᠯ ᠤᠨ ᠰᠡᠳᠬᠢᠮᠵᠢ ᠪᠠᠨ ᠲᠣᠳᠣᠷᠬᠠᠶ ᠪᠣᠯᠭᠠᠪᠠ᠃      ᠲᠠᠷᠠᠭᠠᠴᠢ ᠶᠢᠨ ᠠᠯᠬᠤᠮ ᠳᠤ᠂ ᠠᠪᠠᠭ᠎ᠠ ᠬᠤᠰᠢᠭᠤ ᠲᠤᠰᠬᠠᠶ ᠮᠡᠷᠭᠡᠵᠢᠯᠲᠡᠨ ᠤ ᠪᠦᠯᠬᠦᠮ ᠤᠨ ᠳᠤᠷᠠᠳᠤᠭᠰᠠᠨ ᠪᠣᠳᠠᠲᠠᠶ ᠵᠢᠯᠣᠭᠤᠳᠬᠤ ᠰᠠᠨᠠᠯ ᠲᠠᠢ ᠤᠶᠠᠯᠳᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠶᠢ ᠠᠳᠬᠤᠬᠤ᠂ ᠵᠠᠩᠭᠢᠯᠠᠭ᠎ᠠ ᠶᠢᠨ ᠴᠡᠭ ᠢ ᠬᠦᠴᠦᠷᠬᠡᠭᠵᠢᠭᠦᠯᠬᠦ᠂ ᠵᠠᠩᠭᠢᠯᠠᠭ᠎ᠠ ᠶᠢᠨ ᠴᠡᠭ ᠢ ᠲᠣᠭᠲᠠᠭᠠᠬᠤ ᠬᠡᠯᠪᠡᠷᠢ ᠪᠠᠷ ᠳᠠᠮᠵᠢᠭᠤᠯᠤᠨ᠂ ᠳᠤᠲᠠᠭᠤᠳᠠᠯ ᠢ ᠪᠠᠶᠢᠴᠠᠭᠠᠨ ᠨᠥᠬᠦᠪᠥᠷᠢᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠲᠣᠭᠤᠷᠢᠨ ᠦᠵᠡᠬᠦ ᠴᠡᠭ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ ᠲᠠᠰ ᠳᠡᠪᠰᠢᠭᠦᠯᠵᠦ᠂ ᠠᠪᠠᠭ᠎ᠠ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠥᠨᠳᠥᠷ ᠪᠠᠷᠢᠮᠵᠢᠶ᠎ᠠ ᠪᠠᠷ ᠠᠬᠢᠭᠤᠯᠬᠤ ᠨᠢ ᠭᠠᠷᠴᠠᠭ᠎ᠠ ᠦᠬᠡᠢ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号