ᠠᠪᠠᠭ᠎ᠠ ᠬᠤᠰᠢᠭᠤ 2024 ᠣᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/22
     ︽ᠰᠢᠯᠢ ᠶᠢᠨ ᠭᠤᠤᠯ ᠠᠶᠢᠮᠠᠭ ᠤᠨ ᠴᠢᠨᠠᠷ ᠰᠠᠶᠢᠲᠠᠶ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠬᠥᠭᠵᠢᠯᠲᠡ ᠶᠢ ᠲᠡᠳᠬᠦᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢᠨ ᠪᠢᠴᠢᠭ ᠮᠠᠲ᠋ᠧᠷᠢᠶᠠᠯ᠂ ︽ᠰᠢᠯᠢ ᠶᠢᠨ ᠭᠤᠤᠯ ᠠᠶᠢᠮᠠᠭ ᠤᠨ ᠮᠢᠬᠠᠨ ᠤ ᠦᠬᠡᠷ ᠤᠨ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶᠠᠵᠢᠯ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠪᠢᠴᠢᠭ ᠮᠠᠲ᠋ᠧᠷᠢᠶᠠᠯ ᠵᠢᠴᠢ ︽ᠰᠢᠯᠢ ᠶᠢᠨ ᠭᠤᠤᠯ ᠠᠶᠢᠮᠠᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠵᠢᠴᠢ ᠬᠠᠭᠠᠰ ᠮᠠᠯᠵᠢᠬᠤ ᠬᠠᠭᠠᠰ ᠲᠠᠷᠢᠶᠠᠯᠠᠬᠤ ᠣᠷᠣᠨ ᠤ ᠮᠢᠬᠠᠨ ᠤ ᠦᠬᠡᠷ ᠤᠨ ᠬᠡᠪᠴᠢᠶᠡᠵᠢᠭᠰᠡᠨ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ︵ᠲᠦᠷ ᠬᠡᠷᠡᠭᠵᠢᠭᠦᠯᠬᠦ︶︾ ᠵᠡᠷᠬᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ ᠶᠢᠨ 20᠎ ᠤ ᠡᠳᠦᠷ ᠤᠨ ᠦᠳᠡ ᠶᠢᠨ ᠡᠮᠦᠨ᠎ᠡ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠠᠷᠢᠭᠤᠨ 2024 ᠣᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠲᠡᠳᠬᠦᠬᠦ ᠡᠲᠡᠭᠡᠳ᠂ ᠨᠥᠬᠦᠪᠥᠷᠢ ᠶᠢᠨ ᠪᠠᠷᠢᠮᠵᠢᠶ᠎ᠠ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠶᠠᠷᠢᠯᠴᠠᠨ ᠰᠠᠨᠠᠯ ᠢᠶᠠᠨ ᠰᠣᠯᠢᠯᠴᠠᠪᠠ᠃      ᠬᠤᠷᠠᠯ ᠠᠴᠠ᠂ ᠨᠢᠭᠡ ᠳᠤ᠂ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠲᠦᠷᠦ ᠶᠢᠨ ᠪᠤᠳᠤᠯᠭ᠎ᠠ ᠲᠠᠢ ᠭᠦᠢᠴᠡᠳ ᠤᠶᠠᠯᠳᠤᠭᠤᠯᠵᠤ᠂ ᠪᠦᠲᠦᠴᠡ ᠶᠢ ᠲᠤᠬᠢᠷᠠᠭᠤᠯᠬᠤ᠂ ᠡᠭᠦᠯᠳᠡᠷ ᠢ ᠰᠢᠯᠢᠳᠡᠭᠵᠢᠭᠦᠯᠬᠦ᠂ ᠠᠵᠤ ᠠᠬᠤᠶᠢᠯᠠᠯ ᠢ ᠪᠤᠶᠢᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠮᠢᠬᠠᠨ ᠤ ᠦᠬᠡᠷ ᠤᠨ ᠠᠵᠤ ᠦᠢᠯᠡᠰ ᠤᠨ ᠡᠷᠡᠭᠦᠯ ᠪᠥᠭᠡᠳ ᠡᠮᠬᠢ ᠳᠢᠭᠯᠢᠮ ᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠶᠢᠨ ᠬᠠᠮᠲᠤ᠂ ᠲᠡᠷᠢᠬᠦᠨ ᠤ᠂ ᠲᠤᠷᠰᠢᠯᠭ᠎ᠠ ᠠᠷᠭ᠎ᠠ ᠬᠢᠳᠡᠯ ᠵᠠᠭᠪᠤᠷ ᠢ ᠳᠡᠯᠭᠡᠷᠡᠭᠦᠯᠵᠦ᠂ ᠮᠠᠯᠴᠢᠳ ᠤᠨ ᠦᠢᠯᠡᠳᠪᠦᠷᠢᠯᠡᠯ ᠵᠢᠴᠢ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠳᠠᠷᠤᠯᠲᠠ ᠶᠢ ᠪᠦᠲᠦᠮᠵᠢᠲᠡᠢ ᠪᠠᠭᠠᠰᠬᠠᠬᠤ ᠬᠡᠷᠡᠭᠲᠡᠢ᠃ ᠬᠤᠶᠠᠷ ᠲᠤ᠂ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠭᠡ ᠪᠠᠷ ᠬᠥᠭᠵᠢᠭᠦᠯᠵᠦ᠃ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠠᠵᠢᠯ ᠳᠤ ᠦᠷᠭᠦᠯᠵᠢᠯᠡᠨ ᠴᠢᠨᠠᠷ ᠰᠠᠶᠢᠲᠠᠶ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠂ ᠮᠠᠯᠴᠢᠳ ᠤᠨ ᠦᠢᠯᠡᠳᠪᠦᠷᠢᠯᠡᠯ ᠤᠨ ᠮᠡᠷᠭᠡᠵᠢᠯ ᠤᠨ ᠬᠢᠷᠢ ᠬᠡᠮᠵᠢᠶ᠎ᠡ ᠪᠠ ᠡᠵᠡᠩᠨᠡᠯᠲᠡ ᠶᠢᠨ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ ᠨᠡᠶᠢᠭᠡᠮᠴᠢᠯᠡᠭᠰᠡᠨ ᠦᠢᠯᠡᠴᠢᠯᠡᠭᠡ ᠶᠢ ᠭᠦᠢᠴᠡᠳ ᠠᠰᠢᠭᠯᠠᠨ᠂ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠪᠡᠶᠡᠯᠡᠭᠦᠯᠦᠨ᠎ᠡ᠃ ᠭᠤᠷᠪᠠ ᠳᠤ᠂ ᠪᠦᠲᠦᠮᠵᠢᠲᠡᠢ ᠨᠡᠪᠲᠡᠷᠡᠯᠴᠡᠨ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠨ ᠵᠣᠯᠭᠠᠭᠤᠯᠬᠤ ᠪᠠ ᠡᠯ᠎ᠡ ᠰᠤᠮᠤ ᠪᠠᠯᠭᠠᠰᠤᠨ ᠳᠤ ᠬᠢᠨᠠᠯᠲᠠ ᠲᠠᠯᠪᠢᠵᠤ ᠵᠢᠯᠣᠭᠤᠳᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠦᠪᠡᠭᠳᠡᠢ ᠠᠰᠠᠭᠤᠳᠠᠯ ᠢ ᠲᠣᠳᠣᠷᠬᠠᠶ ᠰᠤᠳᠤᠯᠤᠨ ᠣᠶᠢᠯᠠᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠦᠷᠪᠡ ᠳᠤ᠂ ᠨᠠᠷᠢᠯᠢᠭ ᠭᠦᠨᠵᠡᠭᠡᠢ ᠡᠳ᠋ᠰᠢᠭᠦᠯᠬᠦ ᠶᠢ ᠴᠢᠩᠭ᠎ᠠ ᠠᠩᠬᠠᠷᠬᠤ ᠬᠡᠷᠡᠭᠲᠡᠢ᠃ ᠦᠢᠯᠡᠳᠪᠦᠷᠢᠯᠡᠯ ᠢ ᠴᠢᠬᠤᠯᠠᠴᠢᠯᠠᠵᠤ ᠡᠵᠡᠩᠨᠡᠯᠲᠡ ᠶᠢ ᠦᠯᠦ ᠴᠢᠬᠤᠯᠠᠴᠢᠯᠠᠬᠤ ᠦᠵᠡᠯᠲᠡ ᠶᠢ ᠦᠨᠡᠨᠬᠦ ᠲᠠᠶᠠᠭᠳᠠᠵᠤ᠂ ᠦᠢᠯᠡᠴᠢᠯᠡᠨ ᠵᠣᠯᠭᠠᠭᠤᠯᠬᠤ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠭᠠᠷᠤᠯᠲᠠ ᠶᠢᠨ ᠬᠡᠮᠵᠢᠶ᠎ᠡ ᠶᠢᠨ ᠳᠠᠪᠠᠭᠤᠯᠢᠭ ᠢ ᠦᠢᠯᠡᠳᠬᠦᠨ ᠤ ᠥᠷᠲᠡᠭ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠶ᠃ ᠲᠠᠪᠤ ᠳᠤ᠂ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠷᠬᠡᠨ ᠲᠡᠯᠬᠡᠷ ᠤᠬᠠᠭᠤᠯᠤᠨ ᠲᠠᠶᠢᠯᠪᠤᠷᠢᠯᠠᠵᠤ᠂ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠮᠠᠯᠵᠢᠬᠤ ᠡᠷᠦᠬᠡ ᠨᠢᠭᠡᠪᠦᠷᠢ ᠳᠤ ᠰᠠᠶᠢᠳᠤᠷ ᠲᠠᠶᠢᠯᠪᠤᠷᠢᠯᠡᠨ ᠮᠡᠳᠡᠬᠦᠯᠬᠦ ᠬᠡᠷᠡᠭᠲᠡᠶ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号