ᠠᠪᠠᠭ᠎ᠠ ᠬᠠᠷ᠎ᠠ ᠠᠳᠤᠭᠤ ᠪᠠ ᠴᠡᠭᠡ ︵ᠲᠤᠭ᠎ᠠ ᠪᠦᠷᠢᠳᠭᠡᠯ︶
ᠨᠡᠶᠢᠲᠡᠯᠡᠭᠰᠡᠨ ᠴᠠᠭ᠄
2024/3/22
     ᠤᠯᠠᠨ ᠤ ᠮᠠᠳᠡᠬᠡᠵᠢ ᠪᠠᠷ ᠠᠪᠠᠭ᠎ᠠ ᠬᠠᠷ᠎ᠠ ᠠᠳᠤᠭᠤ᠂ ᠬᠡᠰᠢᠭᠳᠡᠨ ᠤ ᠲᠠᠮᠤᠷ ᠲᠤᠭᠤᠷᠠᠶᠢᠳᠤ ᠠᠳᠤᠭᠤ᠂ ᠤᠷᠳᠤᠰ ᠤᠨ ᠦᠤᠰᠢᠨ ᠠᠳᠤᠭᠤ᠂ ᠦᠵᠤᠮᠤᠴᠢᠨ ᠴᠠᠭᠠᠨ ᠠᠳᠤᠭᠤ ᠪᠤᠯ ᠦᠪᠤᠷ ᠮᠤᠩᠭᠤᠯ ᠤᠨ ᠨᠠᠷᠠᠳᠤ ᠲᠦᠷᠪᠡᠨ ᠡᠬᠦᠯᠳᠡᠷ ᠤᠨ ᠠᠳᠤᠭᠤ ᠪᠤᠯᠬᠤ ᠶᠤᠮ᠃ 2.75 ᠲᠦᠮᠡᠨ ᠬᠠᠪᠳᠠᠭᠠᠢ ᠲᠦᠷᠪᠡᠯᠵᠢᠨ ᠮᠧᠲᠷ ᠨᠤᠳᠤᠭ ᠲᠠᠪᠢᠰᠬᠡᠷ ᠎ ᠲᠠᠢ ᠠᠪᠠᠭ᠎ᠠ ᠨᠤᠳᠤᠭ 2.64 ᠲᠦᠮᠡᠨ ᠠᠳᠤᠭᠤ ᠮᠠᠯᠵᠢᠵᠤ᠂ ᠡᠬᠦᠨ ᠳᠤ 8400 ᠬᠠᠷ᠎ᠠ ᠠᠳᠤᠭᠤ ᠪᠠᠶᠢᠳᠠᠭ᠃ 2009 ᠤᠨ ᠤ 10 ᠰᠠᠷ᠎ᠠ ᠳᠤ᠂ ᠠᠪᠠᠭ᠎ᠠ ᠬᠠᠷ᠎ᠠ ᠠᠳᠤᠭᠤ ᠬᠡᠮᠡᠬᠦ ᠡᠬᠦᠯᠳᠡᠷ ᠨᠢ ᠲᠤᠮᠳᠠᠳᠤ ᠤᠯᠤᠰ ᠤᠨ ᠰᠢᠯᠢᠳᠡᠭ ᠡᠬᠦᠯᠳᠡᠷ ᠤᠨ ᠮᠠᠯ ᠲᠡᠵᠢᠬᠡᠪᠤᠷᠢ ᠶᠢᠨ ᠤᠳᠤᠮᠰᠢᠯ ᠤᠨ ᠡᠬᠢ ᠪᠠᠶᠠᠯᠢᠭ ᠢᠶᠠᠷ ᠲᠤᠭᠳᠠᠭᠠᠭᠳᠠᠵᠠᠢ᠃ ᠠᠪᠠᠭ᠎ᠠ ᠬᠤᠰᠢᠭᠤ ᠤᠷᠢᠳ ᠬᠤᠵᠢᠳ ᠲᠤᠮᠳᠠᠳᠤ ᠤᠯᠤᠰ ᠤᠨ ᠦᠡᠳᠤᠰᠤᠳᠠᠨ ᠤ ᠠᠷᠠᠯᠵᠢᠶ᠎ᠠ ᠶᠢ ᠠᠬᠢᠭᠤᠯᠬᠤ ᠬᠤᠷᠡᠯ᠂ ᠲᠤᠮᠳᠠᠳᠤ ᠤᠯᠤᠰ ᠤᠨ ᠤᠡᠴᠠᠯᠢᠭᠳᠤ ᠠᠵᠤ ᠦᠢᠯᠡᠰ ᠤᠨ ᠨᠤᠳᠤᠭ ᠤᠨ ᠬᠢᠨᠡᠨ ᠲᠤᠭᠳᠠᠭᠠᠬᠤ ᠵᠦᠪᠯᠡᠯ ᠠᠴᠠ ︽ᠲᠤᠮᠳᠠᠳᠤ ᠤᠯᠤᠰ ᠤᠨ ᠬᠠᠷ᠎ᠠ ᠠᠳᠤᠭᠤᠨ ᠰᠤᠶᠤᠯ ᠤᠨ ᠦᠯᠤᠬᠡᠢ︾᠂ ︽ᠲᠤᠮᠳᠠᠳᠤ ᠤᠯᠤᠰ ᠤᠨ ᠴᠡᠭᠡ ᠶᠢᠨ ᠦᠯᠤᠬᠡᠢ︾ ᠵᠡᠷᠬᠡ ᠨᠠᠷᠠᠶᠢᠳᠤᠯ ᠢ ᠤᠯᠤᠭᠰᠠᠨ ᠪᠠᠶᠢᠨ᠎ᠠ᠃ ᠦᠢᠯᠠᠭᠠᠭᠰᠡᠨ ᠢᠶᠠᠷ᠂ ᠤᠳᠤ ᠪᠦᠬᠦ ᠬᠤᠰᠢᠭᠤᠨ ᠤ ᠠᠳᠤᠭᠤ ᠮᠠᠯᠵᠢᠵᠤ ᠪᠠᠶᠢᠭ᠎ᠠ ᠡᠷᠤᠬᠡ 857᠎ ᠳᠤ ᠬᠦᠷᠴᠤ᠂ ᠡᠬᠦᠨ ᠳᠤ 206 ᠡᠷᠤᠬᠡ ᠨᠢ ᠠᠪᠠᠭ᠎ᠠ ᠬᠠᠷ᠎ᠠ ᠠᠳᠤᠭᠤ ᠮᠠᠯᠵᠢᠵᠤ᠂ 11 ᠬᠠᠷ᠎ᠠ ᠠᠳᠤᠭᠤ ᠶᠢᠨ ᠪᠠᠷᠢᠮᠵᠢᠶᠠᠵᠢᠭᠰᠡᠨ ᠲᠡᠵᠢᠬᠡᠨ ᠦᠷᠡᠵᠢᠬᠦᠯᠬᠦ ᠰᠠᠭᠤᠷᠢᠨ ᠭᠠᠵᠡᠷ᠂ 15 ᠠᠪᠠᠭ᠎ᠠ ᠬᠠᠷ᠎ᠠ ᠠᠳᠤᠭᠤᠨ ᠤ ᠭᠤᠤᠯᠳᠠᠯᠭᠠᠳᠤ ᠰᠦᠷᠦᠭ ᠪᠠᠶᠢᠵᠤ᠂ ᠡᠬᠦᠨ ᠠᠴᠠ ᠭᠠᠳᠠᠨ᠎ᠠ ᠠᠪᠠᠭ᠎ᠠ ᠬᠠᠷ᠎ᠠ ᠠᠳᠤᠭᠤ ᠎ ᠪᠠᠨ ᠬᠠᠮᠠᠭᠠᠯᠠᠬᠤ ᠪᠠᠷ ᠦᠷ᠎ᠠ ᠶᠢᠨ ᠮᠠᠯ ᠤᠨ ᠲᠠᠯᠠᠪᠠᠢ ᠪᠠᠶᠢᠭᠤᠯᠵᠤ᠂ 100 ᠭᠠᠷᠤᠢ ᠠᠪᠠᠭ᠎ᠠ ᠬᠠᠷ᠎ᠠ ᠠᠳᠤᠭᠤ ᠮᠠᠯᠵᠢᠵᠤ᠂ 2022 ᠤᠨ ᠪᠤᠯᠤᠨ 2023 ᠤᠨ ᠳᠤ ᠨᠠᠶᠢᠳᠠ ᠲᠦᠮᠡ ᠭᠠᠷᠤᠢ ᠰᠢᠷᠬᠡᠭ ᠠᠪᠠᠭ᠎ᠠ ᠬᠠᠷ᠎ᠠ ᠠᠳᠤᠭᠤ ᠎ ᠶᠢᠨ ᠦᠷ᠎ᠠ ᠶᠢ ᠠᠪᠴᠤ ᠬᠠᠳᠠᠭᠠᠯᠠᠵᠤ᠂ ᠡᠬᠦᠯᠳᠡᠷ ᠢ ᠬᠠᠮᠠᠭᠠᠯᠠᠬᠤ ᠠᠵᠢᠯ ᠢᠶᠠᠨ ᠶᠠᠪᠤᠭᠳᠠᠭᠤᠯᠵᠤ ᠪᠠᠶᠢᠭ᠎ᠠ ᠶᠤᠮ᠃      ᠦᠢᠷ᠎ᠠ ᠶᠢᠨ ᠵᠢᠯ ᠳᠤ᠂ ᠠᠪᠠᠭ᠎ᠠ ᠬᠤᠰᠢᠭᠤ ᠠᠳᠤᠭᠤᠨ ᠤ ᠠᠵᠤ ᠦᠢᠯᠡᠰ ᠤᠨ ᠤᠯᠠᠨ ᠡᠰᠢᠵᠢᠬᠦᠯᠦᠭᠰᠡᠨ ᠬᠦᠭᠵᠢᠯᠳᠠ ᠶᠢ ᠲᠦᠯᠬᠢᠨ ᠠᠬᠢᠭᠤᠯᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠠᠬᠢᠴᠠ ᠶᠢ ᠲᠦᠷᠬᠡᠳᠬᠡᠬᠦ ᠪᠠᠷ ᠰᠢᠨ᠎ᠠ ᠰᠦᠪᠡᠭᠴᠢᠯᠡᠯᠳᠡ ᠢᠶᠠᠨ ᠪᠤᠯᠭᠠᠵᠤ ᠪᠤᠢ᠃ ᠠᠪᠠᠭ᠎ᠠ ᠬᠤᠰᠢᠭᠤ ᠤᠡᠴᠠᠯᠢᠭᠳᠤ ᠠᠳᠤᠭᠤᠨ ᠤ ᠠᠵᠤ ᠦᠢᠯᠡᠰ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠵᠠᠮ ᠢ ᠦᠷᠬᠡᠳᠬᠡᠬᠦ᠂ ᠤᠷᠤᠨ ᠨᠤᠳᠤᠭ ᠤᠨ ᠨᠠᠷᠠᠳᠤ ᠲᠡᠮᠳᠡᠭ ᠤᠨ ᠠᠯᠳᠠᠷᠰᠢᠯ ᠢ ᠲᠡᠬᠡᠭᠰᠢᠯᠡᠬᠦᠯᠬᠦ᠂ ᠠᠵᠤ ᠦᠢᠯᠡᠰ ᠤᠨ ᠬᠡᠯᠬᠢᠶᠠᠵᠢᠯ ᠢ ᠤᠷᠳᠤᠳᠬᠠᠬᠤ ᠵᠠᠷᠬᠡ ᠲᠠᠯ᠎ᠠ ᠳᠤ ᠶᠡᠭᠡ ᠬᠡᠮᠵᠢᠶᠠᠨ ᠤ ᠪᠡᠯᠡᠳᠬᠡᠯ ᠠᠵᠢᠯ ᠬᠢᠵᠤ᠂ ᠠᠪᠠᠭ᠎ᠠ ᠴᠡᠭᠡ ᠶᠢᠨ ᠨᠠᠷᠠᠳᠤ ᠲᠡᠮᠳᠡᠭ ᠢ ᠭᠠᠳᠠᠭᠰᠢ ᠤᠬᠠᠭᠤᠯᠵᠤ᠂ ᠤᠯᠤᠰ ᠲᠠᠶᠠᠭᠠᠷ ᠲᠤ ᠠᠯᠳᠠᠷᠰᠢᠭᠤᠯᠬᠤ ᠶᠢ ᠲᠦᠯᠬᠢᠨ ᠠᠬᠢᠭᠤᠯᠵᠤ᠂ ᠴᠡᠭᠡ ᠶᠢᠨ ᠨᠠᠷᠠᠳᠤ ᠲᠡᠮᠳᠡᠭ ᠤᠨ ᠨᠠᠷ᠎ᠠ ᠠᠯᠳᠠᠷᠰᠢᠯ ᠢ ᠤᠯᠠᠮ ᠨᠢᠬᠡ ᠠᠯᠬᠤᠮ ᠲᠡᠬᠡᠭᠰᠢᠯᠡᠬᠦᠯᠪᠡ᠃      ᠠᠪᠠᠭ᠎ᠠ ᠴᠡᠭᠡ ᠬᠡᠵᠤ ᠶᠠᠭ ᠠᠪᠠᠭ᠎ᠠ ᠬᠠᠷ᠎ᠠ ᠠᠳᠤᠭᠤᠨ ᠤ ᠠᠰᠢᠭ ᠰᠢᠮ᠎ᠠ ᠶᠢ ᠬᠠᠮᠤᠷᠤᠭᠰᠡᠨ ᠰᠢᠮᠠᠳᠤ ᠤᠮᠳᠠᠭᠠᠨ ᠪᠤᠯᠤᠨ᠎ᠠ᠃ ᠠᠪᠠᠭ᠎ᠠ ᠴᠡᠭᠡ ᠨᠢ ᠴᠠᠭᠠᠨ ᠢᠳᠡᠬᠡᠨ ᠤ ᠲᠦᠷᠤᠯ ᠳᠤ ᠪᠠᠭᠳᠠᠨ᠂ ᠰᠢᠮ᠎ᠠ ᠲᠡᠵᠢᠬᠡᠯ ᠤᠨ ᠬᠡᠮᠵᠢᠶ᠎ᠠ ᠮᠠᠰᠢ ᠦᠡᠳᠤᠷ ᠪᠠᠶᠢᠵᠤ᠂ ᠪᠠᠶ᠎ᠠ ᠰᠤᠪᠢᠯᠠᠬᠤ᠂ ᠬᠤᠳᠤᠭᠤᠳᠤ ᠬᠡᠳᠡᠰᠤᠨ ᠤ ᠠᠵᠢᠯᠯᠠᠭ᠎ᠠ ᠶᠢ ᠰᠠᠶᠢᠵᠢᠷᠠᠭᠤᠯᠬᠤ᠂ ᠦᠯᠤ ᠬᠠᠯᠳᠠᠭᠠᠬᠤ ᠴᠢᠳᠠᠪᠤᠷᠢ ᠶᠢ ᠲᠡᠬᠡᠭᠰᠢᠯᠡᠬᠦᠯᠬᠦ ᠵᠡᠷᠬᠡ ᠤᠯᠠᠨ ᠵᠥᠢᠯ ᠤᠨ ᠠᠰᠢᠭᠳᠡᠢ ᠲᠠᠯ᠎ᠠ ᠪᠠᠶᠢᠳᠠᠭ᠃ ᠡᠶᠢᠡᠬᠦ ᠠᠪᠠᠭ᠎ᠠ ᠴᠡᠭᠡ ᠨᠢ ᠬᠡᠷᠡᠭᠯᠡᠭᠴᠢᠳ ᠤᠨ ᠲᠤᠮᠳᠠ ᠴᠤ ᠶᠡᠭᠡ ᠰᠠᠶᠢᠨ ᠨᠦᠯᠤᠬᠡ ᠲᠤᠰᠬᠠᠯ ᠲᠠᠢ ᠪᠠᠶᠢᠵᠤ᠂ ᠱᠠᠩᠬᠠᠢ᠂ ᠭᠤᠸᠠᠩᠵᠸᠤ ᠵᠡᠷᠬᠡ ᠭᠠᠵᠡᠷ ᠤᠷᠤᠨ ᠳᠤ ᠬᠦᠷᠳᠡᠯ᠎ᠠ ᠪᠤᠷᠤᠯᠠᠭᠤᠯᠤᠭᠳᠠᠵᠤ ᠪᠠᠶᠢᠳᠠᠭ᠃ ᠠᠪᠠᠭ᠎ᠠ ᠬᠤᠰᠢᠭᠤ ᠰᠦ ᠶᠢᠨ ᠠᠵᠤ ᠦᠢᠯᠡᠰ ᠢ ᠬᠦᠭᠵᠢᠬᠦᠯᠬᠦ ᠲᠦᠷᠤᠯ ᠵᠥᠢᠯ ᠢᠶᠠᠷ ᠴᠡᠭᠡ ᠭᠠᠷᠭᠠᠵᠤ ᠪᠠᠶᠢᠭ᠎ᠠ ᠮᠠᠯᠵᠢᠬᠤ ᠡᠷᠤᠬᠡ᠂ ᠭᠠᠷ ᠦᠢᠯᠡᠳᠬᠡᠯ ᠤᠨ ᠭᠠᠵᠡᠷ ᠤᠨ ᠰᠠᠭᠤᠷᠢ ᠪᠦᠳᠤᠬᠡᠨ ᠪᠠᠶᠢᠭᠤᠯᠤᠯᠳᠠ ᠳᠤ ᠲᠡᠮᠵᠢᠯᠬᠡ ᠦᠵᠡᠬᠦᠯᠵᠤ᠂ ᠤᠳᠤ ᠪᠤᠯᠳᠠᠯ᠎ᠠ ᠪᠦᠬᠦ ᠬᠤᠰᠢᠭᠤᠨ ᠳᠤ 2 ᠴᠡᠭᠡ ᠢᠰᠬᠡᠬᠦ ᠠᠵᠤ ᠠᠬᠤᠶᠢᠯᠡᠯ᠂ 5 ᠴᠡᠭᠡ ᠢᠰᠬᠡᠬᠦ ᠭᠠᠷ ᠦᠢᠯᠡᠳᠬᠡᠯ ᠤᠨ ᠭᠠᠵᠡᠷ ᠲᠠᠢ ᠪᠤᠯᠵᠤ᠂ ᠴᠡᠭᠡ ᠶᠢᠨ ᠵᠢᠯ ᠤᠨ ᠭᠠᠷᠭᠠᠯᠳᠠ 320 ᠲᠤᠨ ᠢ ᠲᠠᠪᠠᠭᠰᠡᠨ  ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号