ᠠᠪᠠᠭ᠎ᠠ ᠬᠤᠰᠢᠭᠤ 2024 ᠣᠨ ᠤ ︽3.15︾ ᠡᠳᠤᠷ ᠲᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/25
     ᠠᠪᠠᠭ᠎ᠠ ᠬᠤᠰᠢᠭᠤ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠨᠡᠶᠢᠲᠡᠯᠡᠭᠰᠡᠨ ︽ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ︾ ᠣᠨ ᠤ ᠭᠤᠤᠯ ᠰᠡᠳᠦᠪ ᠢᠶᠠᠷ ᠭᠤᠤᠯ ᠰᠢᠵᠢᠮ ᠪᠣᠯᠭᠠᠵᠤ᠂ 2024 ᠣᠨ ᠤ ︽3.15︾᠎ ᠤ ᠰᠢᠷᠢᠰ ᠤᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠪᠠ᠃ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ︽ᠬᠡᠷᠡᠭᠯᠡᠭᠡᠨ ᠤ ᠬᠥᠮᠦᠵᠢᠯ ᠤᠨ ᠰᠠᠭᠤᠷᠢᠨ ᠭᠠᠵᠠᠷ︾᠎ ᠤᠨ ᠫᠠᠶᠢᠰᠠ ᠡᠯᠭᠦᠬᠦ ᠶᠣᠰᠣᠯᠠᠯ ᠶᠠᠪᠤᠭᠤᠯᠪᠠ᠃ 2023 ᠣᠨ ᠤ 9 ᠰᠠᠷ᠎ᠠ ᠳᠤ᠂ ᠠᠪᠠᠭ᠎ᠠ ᠬᠤᠰᠢᠭᠤᠨ ᠤ ᠵᠣᠣ ᠹᠦ᠋ ᠠᠵᠤ ᠠᠬᠤᠶ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠶᠢᠮᠠᠭ ᠬᠤᠰᠢᠭᠤ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠡᠷᠡᠭᠯᠡᠭᠴᠢᠳ ᠤᠨ ᠨᠡᠶᠢᠭᠡᠮᠯᠢᠭ ᠤᠨ ᠵᠢᠯᠣᠭᠤᠳᠣᠯᠭ᠎ᠠ ᠳᠣᠤᠷ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠬᠥᠮᠦᠵᠢᠯ ᠤᠨ ᠰᠠᠭᠤᠷᠢᠨ ᠭᠠᠵᠠᠷ︾᠎ ᠢ ᠡᠭᠦᠳᠦᠨ ᠪᠠᠶᠢᠭᠤᠯᠬᠤ ᠪᠠᠷ ᠮᠡᠳᠡᠭᠦᠯᠬᠦ ᠠᠵᠢᠯ ᠢ ᠪᠡᠶᠡᠯᠡᠭᠦᠯᠵᠦ᠂ 2024 ᠣᠨ ᠳᠤ ᠰᠢᠯᠢ ᠶᠢᠨ ᠭᠤᠤᠯ ᠠᠶᠢᠮᠠᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ︽ᠬᠡᠷᠡᠭᠯᠡᠭᠡᠨ ᠤ ᠬᠥᠮᠦᠵᠢᠯ ᠤᠨ ᠰᠠᠭᠤᠷᠢᠨ ᠭᠠᠵᠠᠷ︾᠎ ᠤᠨ ᠨᠢᠭᠡ  ᠪᠣᠯᠵᠣ᠂ 3 ᠰᠠᠷ᠎ᠠ ᠶᠢᠨ 14᠎ ᠤ ᠡᠳᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠬᠥᠮᠦᠵᠢᠯ ᠤᠨ ᠰᠠᠭᠤᠷᠢᠨ ᠭᠠᠵᠠᠷ︾᠎ ᠤᠨ ᠫᠠᠶᠢᠰᠠ ᠡᠯᠭᠦᠬᠦ ᠶᠣᠰᠣᠯᠠᠯ ᠶᠠᠪᠤᠭᠤᠯᠪᠠ᠃ ᠫᠠᠶᠢᠰᠠ ᠡᠯᠭᠦᠬᠦ ᠲᠤᠬᠠᠶ ᠶᠢᠨ ᠡᠳᠦᠷ᠂ ︽3.15︾᠎ ᠤ ᠰᠢᠷᠢᠰ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠬᠡᠷᠡᠭᠯᠡᠭᠡᠨ ᠤ ᠬᠥᠮᠦᠵᠢᠯ ᠤᠨ ᠰᠠᠭᠤᠷᠢᠨ ᠭᠠᠵᠠᠷ ᠨᠢ ᠬᠡᠷᠡᠭᠯᠡᠭᠴᠢ ᠶᠢᠨ ᠲᠤᠭᠤᠷᠢᠨ ᠦᠵᠡᠬᠦ᠂ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠥᠷᠨᠢᠭᠦᠯᠵᠦ᠂ ᠬᠡᠷᠡᠭᠯᠡᠭᠴᠢᠳ ᠲᠤ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠦᠨ᠂ ᠰᠢᠨᠵᠢᠯᠡᠬᠦ ᠤᠬᠠᠭᠠᠨᠴᠢ ᠬᠡᠷᠡᠭᠯᠡᠭᠡᠨ ᠤ ᠮᠡᠳᠡᠯᠭᠡ᠂ ᠬᠤᠳᠠᠯ ᠬᠠᠭᠤᠷᠮᠠᠭ ᠢ ᠢᠯᠭᠠᠨ ᠲᠠᠨᠢᠬᠤ ᠴᠢᠳᠠᠪᠤᠷᠢ ᠪᠠ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠴᠢᠩᠭᠠᠳᠬᠠᠵᠤ᠂ ᠲᠤᠰ ᠣᠳᠠᠭᠠᠨ ᠤ ᠠᠵᠢᠯᠯᠠᠭᠠᠨ ᠳᠤ ᠨᠡᠶᠢᠲᠡ 80 ᠭᠠᠷᠤᠶ ᠬᠥᠮᠦᠨ ᠣᠷᠣᠯᠴᠠᠪᠠ᠃ ᠬᠤᠶᠠᠷ ᠲᠤ᠂ ᠲᠥᠪᠯᠡᠷᠡᠭᠦᠯᠦᠨ ᠤᠰᠠᠳᠬᠠᠬᠤ ᠠᠵᠢᠯᠯᠠᠭ᠎ᠠ ᠶᠢ ᠥᠷᠨᠢᠭᠦᠯᠪᠠ᠃ ᠣᠯᠠᠨ ᠲᠦᠮᠡᠨ ᠤ ᠲᠤᠰᠬᠠᠭᠰᠠᠨ ᠬᠡᠷᠡᠭᠯᠡᠭᠡᠨ ᠤ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠳᠤ ᠴᠢᠭᠯᠡᠭᠦᠯᠦᠨ᠂ 3 ᠰᠠᠷ᠎ᠠ ᠶᠢᠨ 1᠎ ᠤ ᠡᠳᠦᠷ ᠠᠴᠠ 3  ᠰᠠᠷ᠎ᠠ ᠶᠢᠨ 15᠎ ᠤ ᠡᠳᠦᠷ ᠪᠣᠯᠲᠠᠯ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠡᠷᠡᠭᠯᠡᠭᠴᠢᠳ ᠤᠨ ᠨᠡᠶᠢᠭᠡᠮᠯᠢᠭ ᠲᠠᠢ ᠬᠠᠮᠲᠤᠷᠠᠨ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠲᠦᠪ ᠪᠤᠰᠤ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ 3 ᠤᠳᠠᠭ᠎ᠠ ᠵᠣᠬᠢᠶᠠᠨ ᠪᠠᠶᠢᠭᠤᠯᠵᠤ᠂ ᠢᠳᠡᠭᠡᠨ᠂ ᠡᠮ ᠤᠨ ᠵᠦᠢᠯᠡᠰ᠂ ᠬᠤᠳᠠᠯ ᠬᠠᠭᠤᠷᠮᠠᠭ ᠤᠬᠠᠭᠤᠯᠭ᠎ᠠ᠂ ᠠᠯᠪᠠᠳᠠᠯᠭ᠎ᠠ ᠪᠠᠷ ᠬᠡᠷᠡᠭᠯᠡᠭᠡ ᠬᠢᠬᠦ᠂ ᠬᠡᠷᠡᠭᠯᠡᠭᠡᠨ ᠤ ᠮᠡᠬᠡᠯᠡᠯ ᠬᠢᠬᠦ᠂ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠵᠠᠰᠠᠯ ᠴᠢᠮᠡᠭ ᠤᠨ ᠡᠳ᠋ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠲᠣᠷᠭᠠᠵᠤ ᠬᠤᠷᠢᠶᠠᠨ ᠠᠪᠤᠭᠰᠠᠨ ᠬᠡᠰᠡᠭ ᠡᠳᠦᠷ ᠲᠤᠲᠤᠮ ᠤᠨ ᠬᠡᠷᠡᠭᠯᠡᠭᠡᠨ ᠤ ᠪᠦᠷᠢᠨ ᠪᠠᠷᠠᠭ᠎ᠠ᠂ ᠢᠳᠡᠭᠡᠨ ᠵᠡᠷᠭᠡ 70 ᠭᠠᠷᠤᠶ ᠺᠢᠯᠣᠭ᠍ᠷᠠᠮ ᠬᠠᠭᠤᠷᠮᠠᠭ ᠮᠠᠭᠤ ᠲᠠᠸᠠᠷ ᠢ ᠪᠤᠬᠢᠷᠳᠤᠯ ᠦᠬᠡᠢ ᠲᠥᠪᠯᠡᠷᠡᠭᠦᠯᠦᠨ ᠤᠰᠠᠳᠬᠠᠬᠤ ᠪᠠ ᠬᠤᠣᠷ ᠦᠭᠡᠶᠢᠵᠢᠬᠦᠯᠦᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠳᠠᠯ ᠬᠠᠭᠤᠷᠮᠠᠭ ᠴᠢᠨᠠᠷ ᠮᠠᠭᠤ ᠲᠠᠸᠠᠷ ᠲᠤ ᠴᠣᠬᠢᠯᠲᠠ ᠥᠭᠬᠦ ᠡᠷᠡᠰ ᠵᠣᠷᠢᠭ ᠢ ᠲᠥᠪᠯᠡᠷᠡᠭᠦᠯᠦᠨ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠥᠷᠭᠡᠨ ᠣᠯᠠᠨ ᠬᠡᠷᠡᠭᠯᠡᠭᠴᠢᠳ ᠲᠤ ᠨᠢᠭᠡ ᠬᠤᠪᠢ ᠠᠮᠠᠯᠠᠯᠲᠠ ᠬᠢᠪᠡ᠃ ᠭᠤᠷᠪᠠ ᠳᠤ᠂ ᠣᠯᠠᠨ ᠠᠷᠭ᠎ᠠ ᠵᠠᠮ ᠢᠶᠠᠷ ︽3.15︾᠎ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠲᠤᠬᠠᠶ ᠶᠢᠨ ᠲᠠᠯᠠᠪᠠᠶ᠂ ᠰᠣᠨᠢᠨ ᠮᠡᠳᠡᠭᠡᠨ ᠤ ᠵᠠᠭᠤᠴᠢᠯᠠᠭᠤᠷ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠠ᠃ ᠲᠤᠬᠠᠶ ᠶᠢᠨ ᠲᠠᠯᠠᠪᠤᠷ ᠤᠨ ᠠᠵᠢᠯᠯᠠᠭ᠎ᠠ ᠨᠢ ᠬᠥᠨᠳᠡᠯᠡᠨ ᠪᠢᠴᠢᠭᠡᠰᠦ ᠶᠢ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠠᠭᠤᠷᠮᠠᠭ ᠮᠠᠭᠤ ᠲᠠᠸᠠᠷ ᠢ ᠳᠡᠯᠭᠡᠨ ᠦᠵᠡᠭᠦᠯᠬᠦ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠲᠤᠬᠠᠶ ᠶᠢᠨ ᠲᠠᠯᠠᠪᠤᠷ ᠲᠤ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠤᠷᠢᠯᠡᠬᠦ ᠵᠡᠷᠭᠡ ᠠᠷᠭ᠎ᠠ ᠮᠠᠶ᠋ᠢᠭ ᠢᠶᠠᠷ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠣᠨ ᠤ ᠭᠤᠤᠯ ᠰᠡᠳᠦᠪ᠂ ᠤᠬᠠᠭᠤᠯᠭ᠎ᠠ ᠶᠢᠨ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠮᠡᠳᠡᠯᠭᠡ ᠶᠢ ᠶᠡᠬᠡᠪᠡᠷ ᠤᠬᠠᠭᠤᠯᠬᠤ ᠶᠢᠨ ᠬᠠᠮᠲᠤ ᠣᠯᠠᠨ ᠵᠥᠢᠯ ᠤᠨ ᠵᠠᠭᠤᠴᠢᠯᠠᠭᠤᠷ ᠢᠶᠠᠷ ᠳᠠᠮᠵᠢᠭᠤᠯᠤᠨ ︽3.15︾᠎ ᠤ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠣᠨ ᠤ ᠭᠤᠤᠯ ᠰᠡᠳᠦᠪᠲᠦ ᠤᠬᠠᠭᠤᠯᠭ᠎ᠠ ᠶᠢ ᠨᠡᠶᠢᠲᠡᠯᠡᠵᠦ᠂ ᠬᠡᠷᠡᠭᠯᠡᠭᠡᠨ ᠤ ᠰᠡᠷᠡᠮᠵᠢᠯᠡᠭᠦᠯᠦᠯ ᠢ 10 ᠬᠤᠭᠤᠴᠠᠭ᠎ᠠ ᠨᠡᠶᠢᠲᠡᠯᠡᠪᠡ︔ ᠬᠥᠨᠳᠡᠯᠡᠨ ᠪᠢᠴᠢᠭᠡᠰᠦ ᠵᠣᠬᠢᠶᠠᠵᠤ᠂ ᠳᠡᠯᠭᠡᠨ ᠦᠵᠡᠭᠦᠯᠬᠦ ᠰᠠᠮᠪᠠᠷ᠎ᠠ ᠶᠢ ᠬᠤᠳᠠᠯᠳᠤᠭᠠᠨ ᠤ ᠲᠠᠯᠠᠪᠤᠷ᠂ ᠴᠢᠯᠤᠬᠡᠳᠤ ᠳᠡᠯᠭᠡᠭᠦᠷ ᠲᠤ ᠡᠯᠭᠦᠵᠦ᠂ ᠤᠬᠠᠭᠤᠯᠭ᠎ᠠ ᠶᠢᠨ ᠬᠠᠭᠤᠳᠠᠰᠤ ᠶᠢ 5000 ᠭᠠᠷᠤᠶ ᠡᠯᠭᠦᠵᠦ᠂ ᠤᠬᠠᠭᠤᠯᠭ᠎ᠠ ᠶᠢᠨ ᠳᠡᠪᠲᠡᠷ ᠢ 2000 ᠭᠠᠷᠤᠶ ᠳᠡᠪᠲᠡᠷ ᠵᠣᠬᠢᠶᠠᠵᠤ᠂ ᠬᠠᠷᠢᠶᠠᠲᠤ ᠣᠷᠣᠨ ᠤ ᠡᠵᠡᠩᠨᠡᠭᠴᠢᠳ ᠢ ᠳᠠᠶᠢᠴᠢᠯᠠᠨ ᠡᠵᠡᠩᠨᠡᠯᠲᠡ ᠶᠢᠨ ᠲᠠᠯᠠᠪᠤᠷ ᠲᠤ ᠪᠠᠶᠢᠭᠤᠯᠤᠭᠰᠠᠨ LED  ᠡᠯᠺᠲᠷᠤᠨ ᠳᠡᠯᠭᠡᠴᠡ ᠪᠠᠷ ᠤᠬᠠᠭᠤᠯᠭ᠎ᠠ ᠶᠢᠨ ᠸᠢᠳᠢᠣ᠋᠂ ᠤᠷᠢᠶ᠎ᠠ ᠯᠣᠽᠦ᠋ᠩ᠂ ᠵᠢᠯ ᠤᠨ ᠭᠤᠤᠯ ᠰᠡᠳᠦᠪ ᠢ ᠨᠡᠪᠲᠡᠷᠡᠭᠦᠯᠵᠦ᠂ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠡᠭᠦᠨ ᠤ ᠬᠠᠮᠲᠤ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠪᠥᠬᠦ ᠤᠯᠤᠰ ᠤᠨ 12315 ᠲᠠᠪᠴᠠᠩ ᠪᠠ 12345 ᠬᠠᠯᠠᠮᠰᠢᠯ ᠤᠲᠠᠰᠤ ᠶᠢ ᠰᠢᠯᠵᠢᠭᠦᠯᠦᠨ ᠰᠢᠢᠳᠪᠦᠷᠢᠯᠡᠭᠦᠯᠦᠭᠰᠡᠨ ᠵᠠᠭᠠᠯᠳᠤᠵᠤ ᠢᠯᠡᠴᠢᠯᠡᠨ ᠮᠡᠳᠡᠭᠦᠯᠬᠦ ᠠᠵᠢᠯ ᠤᠨ ᠬᠠᠭᠤᠳᠠᠰᠤ ᠶᠢ ᠴᠠᠭ ᠲᠤᠬᠠᠶ ᠳᠤᠨᠢ ᠭᠥᠯᠢᠶᠡᠨ ᠠᠪᠴᠤ᠂ ᠬᠤᠪᠢᠶᠠᠨ ᠲᠣᠮᠢᠯᠠᠵᠤ᠂ ᠰᠢᠢᠳᠪᠤᠷᠢᠯᠡᠬᠦ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠡᠶᠡᠳᠡᠭᠦᠯᠵᠦ᠂ ᠠᠷᠠᠳ ᠣᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠢᠳᠡᠪᠬᠢᠲᠡᠶ ᠪᠥᠭᠡᠳ ᠪᠦᠲᠦᠮᠵᠢᠲᠡᠶ ᠪᠠᠷ ᠰᠢᠢᠳᠪᠤᠷᠢᠯᠡᠵᠤ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠳᠤ ᠬᠠᠨᠤᠮᠵᠢᠲᠠᠶ ᠪᠠᠶᠢᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号