ᠤᠶᠤᠳᠠᠨ ᠮᠠᠯᠴᠢᠨ ᠭᠠᠩᠬᠤᠶᠠᠭ
ᠨᠡᠶᠢᠲᠡᠯᠡᠭᠰᠡᠨ ᠴᠠᠭ᠄
2024/3/25
     ᠠᠪᠠᠭ᠎ᠠ ᠬᠤᠰᠢᠭᠤᠨ ᠤ ᠨᠠᠷᠠᠡᠪᠤᠯᠠᠭ ᠰᠤᠮᠤᠨ ᠤ ᠦᠷᠬᠡᠨᠳᠡᠯ᠎ᠠ ᠭᠠᠴᠠᠭᠠᠨ ᠤ ᠲᠡᠳ᠋ ᠲᠠᠷᠤᠭ᠎ᠠ᠂ ᠦᠷᠬᠡᠨᠳᠡᠯ᠎ᠠ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠬᠤᠷᠰᠢᠶᠠᠵᠢᠯ ᠤᠨ ᠬᠡᠷᠡᠭ ᠮᠡᠳᠡᠭᠴᠢᠳ ᠤᠨ ᠲᠡᠳ᠋ ᠲᠠᠷᠤᠭ᠎ᠠ ᠭᠠᠩᠬᠤᠶᠠᠭ ᠪᠤᠯ 2012 ᠤᠨ ᠳᠤ ᠦᠪᠤᠷ ᠮᠤᠩᠭᠤᠯ ᠤᠨ ᠶᠡᠭᠡ ᠰᠤᠷᠭᠠᠭᠤᠯᠢ ᠠᠴᠠ ᠲᠡᠬᠦᠰᠦᠭᠰᠡᠨ ᠤᠶᠤᠳᠠᠨ ᠪᠠᠶᠢᠭ᠎ᠠ᠃      ᠲᠡᠷᠡ ᠬᠦᠳᠡᠭᠡ ᠨᠤᠳᠤᠭ ᠲᠤ ᠲᠦᠷᠤᠵᠤ ᠦᠰᠦᠭᠰᠡᠨ ᠤ ᠴᠤ ᠪᠤᠯᠪᠠᠤ︖ ᠲᠠᠰᠪᠤᠷᠢ ᠬᠠᠳᠠᠭᠤᠯᠵᠢᠳᠡᠢ᠂ ᠴᠤᠴᠠᠯᠳᠠ ᠦᠬᠡᠢ ᠤᠷᠤᠭᠰᠢᠯᠠᠬᠤ ᠦᠢᠯᠡᠰᠴᠢ ᠵᠤᠷᠢᠭ ᠢ ᠪᠠᠷᠢᠮᠳᠠᠯᠠᠳᠠᠭ ᠴᠢᠷᠮᠠᠶᠢᠯᠭ᠎ᠠ ᠲᠠᠢ ᠬᠦᠮᠤᠨ ᠤ ᠨᠢᠬᠡᠨ  ᠪᠢᠯᠡ᠃ ᠲᠡᠷᠡ ᠲᠦᠷᠤ ᠶᠢᠨ ᠪᠤᠳᠤᠯᠭ᠎ᠠ ᠶᠢᠨ ᠠᠵᠠ ᠵᠠᠪᠰᠢᠶᠠᠨ ᠢ ᠠᠮᠵᠢᠨ᠂ ᠤᠷᠤᠨ ᠨᠤᠳᠤᠭ ᠤᠨ ᠪᠤᠳᠠᠳᠤ ᠪᠠᠶᠢᠳᠠᠯ ᠳᠤ ᠰᠠᠭᠤᠷᠢᠯᠠᠵᠤ᠂ ᠮᠠᠯ ᠠᠵᠤ ᠠᠬᠤᠢ ᠶᠢ ᠬᠦᠭᠵᠢᠬᠦᠯᠤᠨ᠂ ᠤᠷᠤᠯᠭ᠎ᠠ ᠪᠠᠨ ᠨᠡᠮᠡᠭᠳᠡᠬᠦᠯᠤᠨ ᠪᠠᠶᠠᠵᠢᠯ ᠤᠨ ᠵᠠᠮ ᠢᠶᠠᠷ ᠵᠠᠮᠨᠠᠬᠤ ᠳᠤ ᠲᠠᠭᠠᠭᠠᠤᠯᠤᠭᠴᠢ ᠪᠤᠯᠬᠤ ᠳᠤ ᠪᠠᠨ ᠮᠠᠯᠴᠢᠨ ᠲᠦᠮᠡᠨ ᠢᠶᠠᠨ ᠲᠠᠭᠠᠭᠤᠯᠤᠨ ᠬᠠᠮᠳᠤᠪᠠᠷ ᠪᠠᠶᠠᠵᠢᠬᠤ ᠵᠠᠮ ᠢᠶᠠᠷ ᠢᠳᠡᠷᠡᠬᠦᠨ ᠤᠷᠤᠭᠰᠢᠯᠠᠨ᠎ᠠ᠃ ᠲᠠᠷᠠ ᠶᠠᠷᠤᠨᠢ ᠲᠠᠷᠢᠬᠢ ᠲᠤᠯᠤᠭᠠᠢ ᠰᠡᠷᠬᠡᠭ᠂ ᠰᠡᠳᠬᠢᠮᠵᠢ ᠲᠤᠳᠤᠷᠬᠠᠢ ᠪᠠᠶᠢᠵᠤ᠂ ᠤᠷᠤᠭᠰᠢ ᠲᠠᠪᠰᠢᠬᠤ ᠵᠤᠷᠢᠮᠠᠭ ᠵᠢᠳᠬᠦᠯ ᠲᠠᠢ᠂ ᠰᠢᠡᠵᠢᠯᠡᠬᠦ ᠤᠬᠠᠭᠠᠡᠴᠢ ᠪᠠᠷ ᠮᠠᠯ ᠮᠠᠯᠵᠢᠬᠤ ᠮᠡᠳᠡᠯᠬᠡ ᠮᠠᠳᠠᠴᠠ ᠬᠢᠬᠡᠳ ᠬᠡᠷᠡᠭᠯᠡᠬᠡᠨ ᠤ ᠮᠡᠷᠬᠡᠵᠢᠯ ᠢ ᠰᠢᠮᠳᠠᠨ ᠰᠤᠷᠤᠯᠴᠠᠵᠤ᠂ ᠤᠷᠤᠨ ᠨᠤᠳᠤᠭ ᠲᠤ ᠪᠠᠨ ᠠᠯᠳᠠᠷᠰᠢᠭᠰᠡᠨ ᠰᠢᠨ᠎ᠠ ᠴᠠᠭ ᠦᠶ᠎ᠠ ᠶᠢᠨ ᠰᠢᠯᠢᠳᠡᠭ ᠮᠠᠯᠴᠢᠨ ᠪᠤᠯᠤᠭᠰᠡᠨ ᠪᠢᠯᠠ᠃      2012 ᠤᠨ ᠳᠤ ᠲᠡᠷᠡ ᠶᠡᠭᠡ ᠰᠤᠷᠭᠠᠭᠤᠯᠢ ᠪᠠᠨ ᠲᠡᠬᠦᠰᠦᠮᠡᠭᠴᠠ᠂ ᠨᠤᠳᠤᠭ ᠲᠤ ᠪᠠᠨ ᠪᠤᠴᠠᠵᠤ ᠮᠠᠯᠴᠢᠨ ᠵᠠᠶᠠᠭ᠎ᠠ ᠲᠦᠰᠢᠵᠤ ᠪᠢᠯᠠ᠃ ᠬᠡᠬᠦ ᠳᠤ ᠪᠠᠨ ᠲᠡᠷᠡ ᠲᠠᠷᠤᠶᠢᠬᠠᠨ ᠮᠠᠯ ᠠᠵᠤ ᠠᠬᠤᠢ ᠳᠤ ᠪᠠᠨ ᠰᠦᠪᠡᠭᠴᠢᠯᠡᠯᠳᠡ ᠬᠢᠵᠤ᠂ ᠮᠠᠯ ᠰᠦᠷᠦᠭ ᠤᠨ ᠪᠦᠳᠤᠴᠠ ᠨᠢ ᠵᠤᠬᠢᠰ ᠦᠬᠡᠢ᠂ ᠮᠠᠯᠵᠢᠯ ᠤᠨ ᠦᠷ᠎ᠠ ᠠᠰᠢᠭ ᠦᠡᠳᠤᠷ ᠪᠢᠰᠢ ᠪᠠᠶᠢᠬᠤ ᠪᠠᠶᠢᠳᠠᠯ ᠢ ᠬᠤᠪᠢᠷᠠᠭᠤᠯᠬᠤ ᠪᠠᠷ ᠠᠷᠭ᠎ᠠ ᠰᠦᠪᠡᠭᠴᠢᠯᠡᠵᠡᠢ᠃ ᠠᠮᠢ ᠠᠬᠤᠢ ᠶᠢᠨ ᠬᠠᠮᠠᠭᠠᠯᠠᠯᠳᠠ ᠶᠢᠨ ᠲᠠᠯ᠎ᠠ ᠠᠴᠠ ᠠᠪᠴᠤ ᠦᠵᠡᠪᠡᠯ᠂ ᠮᠠᠯ ᠪᠠᠯᠴᠢᠬᠡᠷ ᠤᠨ ᠲᠠᠩᠴᠠᠬᠦᠷᠢ ᠠᠯᠳᠠᠭᠳᠠᠪᠠᠯ᠂ ᠨᠤᠳᠤᠭ ᠪᠠᠯᠴᠢᠬᠡᠷ ᠤᠨ ᠠᠮᠢ ᠠᠬᠤᠢ ᠬᠡᠤᠷᠡᠭᠰᠢᠵᠤ ᠲᠤᠭᠳᠠᠪᠤᠷᠢᠳᠤ ᠴᠢᠨᠡᠷ ᠢᠶᠠᠷ ᠠᠨᠠᠢ ᠪᠤᠯᠵᠤ᠂ ᠴᠢᠳᠠᠮᠵᠢ ᠶᠢ ᠨᠢ ᠪᠠᠭᠤᠷᠠᠭᠤᠯᠬᠤ ᠪᠤᠯᠤᠨ᠎ᠠ᠃ ᠬᠤᠨᠢ ᠢᠮᠠᠭ᠎ᠠ ᠬᠢᠬᠡᠳ ᠦᠬᠡᠷ ᠤᠨ ᠢᠳᠡᠰᠢᠯᠡᠬᠦ ᠠᠷᠭ᠎ᠠ ᠮᠠᠶ᠋ᠢᠭ ᠨᠢ ᠤᠡᠳᠤᠤ ᠪᠠᠶᠢᠵᠤ᠂ ᠬᠠᠷᠢᠴᠠᠩᠭᠤᠢ ᠪᠠᠷ ᠦᠬᠡᠷ ᠤᠨ ᠢᠳᠡᠰᠢᠯᠡᠬᠦ ᠨᠢ ᠪᠠᠯᠴᠢᠬᠡᠷ ᠲᠤ ᠭᠠᠮᠳᠡᠢ ᠪᠠᠶᠢᠳᠠᠭ᠃ ᠦᠬᠡᠷ ᠤᠨ ᠰᠦᠷᠦᠭ ᠤᠨ ᠨᠤᠳᠤᠭ ᠪᠠᠯᠴᠢᠬᠡᠷ ᠲᠤ ᠤᠴᠠᠷᠠᠭᠤᠯᠬᠤ ᠬᠤᠬᠢᠷᠡᠯ ᠨᠢ ᠨᠠᠯᠢᠶᠠᠳ ᠪᠠᠭ᠎ᠠ ᠰᠢᠭ᠋᠃ ᠦᠬᠡᠷ ᠤᠨ ᠢᠳᠡᠰᠢᠯᠡᠭᠰᠡᠨ ᠪᠠᠯᠴᠢᠬᠡᠷ ᠤᠨ ᠤᠷᠭᠤᠯᠳᠠ ᠶᠢᠨ ᠬᠤᠷᠳᠤᠴᠠ ᠨᠢ ᠬᠤᠨᠢᠨ ᠤ ᠢᠳᠡᠰᠢᠯᠡᠭᠰᠡᠨ ᠪᠠᠯᠴᠢᠬᠡᠷ ‍ᠤᠨ‌ᠣᠷᠭᠤᠯᠲᠠ ᠶᠢᠨ ᠬᠤᠷᠳᠤᠴᠠ ᠠᠴᠠ ᠬᠤᠯᠠ ᠲᠦᠷᠬᠡᠨ ᠪᠠᠶᠢᠳᠠᠭ ᠢ ᠲᠡᠷᠡ ᠠᠵᠢᠵᠤ ᠮᠠᠳᠠᠵᠠᠢ᠃ ᠢᠩᠬᠢᠬᠡᠳ ᠲᠠᠷᠠ ᠠᠪᠤ ᠡᠵᠢ ᠲᠠᠢ ᠪᠠᠨ ᠰᠠᠨᠠᠯ ᠨᠢᠬᠡᠳᠬᠦ ᠦᠬᠡᠢ ᠪᠠᠶᠢᠭᠰᠡᠨ ᠴᠤ ᠬᠤᠨᠢ ᠪᠠᠨ ᠴᠦᠬᠡᠴᠢᠯᠡᠨ ᠦᠬᠡᠷ ᠢᠶᠠᠨ ᠦᠰᠬᠡᠬᠦ ᠪᠠᠷ ᠰᠢᠢᠳᠴᠤ᠂ ᠦᠬᠡᠷ ᠤᠨ ᠡᠬᠦᠯᠳᠡᠷ ᠢᠶᠠᠨ ᠰᠠᠶᠢᠵᠢᠷᠠᠭᠤᠯᠵᠤ᠂ ᠭᠠᠳᠠᠷ ᠤᠷᠤᠨ ᠠᠴᠠ ᠰᠢᠯᠢᠳᠡᠭ ᠡᠬᠦᠯᠳᠡᠷ ᠤᠨ ᠰᠢᠮᠧᠨ᠋ᠲ᠋ᠠᠷ ᠦᠨᠢᠶ᠎ᠠ ᠬᠤᠳᠠᠯᠳᠤᠨ ᠠᠪᠴᠤ᠂ ᠢᠴᠡᠬᠡᠯ ᠦᠷ᠎ᠠ ᠶᠢᠨ ᠬᠡᠬᠡᠯᠳᠤᠬᠦᠯᠬᠡ ᠶᠢᠨ ᠮᠡᠷᠬᠡᠵᠢᠯ ᠢ ᠰᠤᠷᠴᠤ ᠡᠵᠡᠮᠰᠢᠵᠠᠢ᠃ ᠤᠳᠤ ᠪᠤᠯᠬᠤ ᠳᠤ ᠦᠬᠡᠷ ᠤᠨ ᠰᠦᠷᠦᠭ ᠤᠨ ᠬᠢᠨᠢ ᠵᠠᠭᠤᠨ ᠤ ᠶᠠᠷᠠ ᠨᠢ ᠭᠤᠷᠪᠠᠳᠤᠭᠠᠷ ᠦᠶ᠎ᠠ ᠶᠢᠨ ᠰᠢᠮᠧᠨ᠋ᠲ᠋ᠠᠷ ᠦᠬᠡᠷ ᠤᠨ ᠪᠠᠷᠢᠮᠵᠢᠶ᠎ᠠ ᠳᠤ ᠬᠦᠷᠴᠠᠢ᠃      ᠭᠠᠩᠬᠤᠶᠠᠭ ᠰᠢᠮᠧᠨ᠋ᠲ᠋ᠠᠷ ᠡᠬᠦᠯᠳᠡᠷ ᠤᠨ ᠦᠬᠡᠷ ᠢ ᠪᠤᠷᠳᠤᠵᠤ ᠲᠠᠷᠭᠤᠯᠠᠭᠤᠯᠬᠤ ᠳᠤ ᠲᠤᠬᠢᠷᠠᠮᠵᠢᠳᠡᠢ ᠬᠡᠵᠤ ᠦᠵᠡᠳᠡᠭ᠃ ᠤᠳᠤᠬᠠᠨ ᠤ ᠪᠠᠶᠢᠳᠠᠯ ᠠᠴᠠ ᠦᠵᠡᠪᠡᠯ᠂ ᠮᠠᠯᠴᠢᠳ ᠲᠤᠭᠤᠯ ᠢᠶᠠᠨ ᠪᠦᠷ ᠪᠤᠷᠳᠤᠨ ᠲᠠᠷᠭᠤᠯᠠᠭᠤᠯᠬᠤ ᠦᠢᠯᠡᠳᠪᠤᠷᠢ ᠳᠤ ᠪᠤᠷᠤᠯᠠᠭᠤᠯᠵᠤ ᠪᠠᠶᠢᠨ᠎ᠠ᠂ ᠡᠶᠢᠮᠤ ᠠᠴᠠ ᠮᠠᠯᠴᠢᠳ ᠲᠤᠭᠤᠯ ᠢᠶᠠᠨ ᠪᠤᠷᠳᠤᠵᠤ ᠲᠠᠷᠭᠤᠯᠠᠭᠤᠯᠤᠭᠰᠡᠨ ᠎ ᠤ ᠲᠠᠷᠠᠭ᠎ᠠ ᠪᠤᠷᠤᠯᠠᠭᠤᠯᠪᠠᠯ᠂ ᠲᠡᠵᠢᠬᠡᠨ ᠦᠷᠡᠵᠢᠬᠦᠯᠬᠦ ᠦᠪᠡᠷ ᠤᠨ ᠦᠷᠳᠡᠭ ᠢ ᠪᠠᠭᠠᠰᠬᠠᠵᠤ᠂ ᠤᠷᠤᠯᠭ᠎ᠠ ᠶᠢ ᠨᠡᠮᠡᠭᠳᠡᠬᠦᠯᠵᠤ ᠴᠢᠳᠠᠨ᠎ᠠ ᠬᠡᠵᠤ ᠲᠡᠷᠡ ᠦᠵᠡᠭᠰᠡᠬᠡᠷ ᠢᠷᠡᠵᠡᠢ᠃ 2019 ᠤᠨ ᠳᠤ᠂ ᠲᠠᠷᠠ ︽ᠲᠠᠯ᠎ᠠ ᠶᠢᠨ ᠬᠦᠪ︾ ᠬᠡᠷ ᠪᠦᠯᠢ ᠶᠢᠨ ᠮᠠᠯᠵᠢᠯ ᠤᠨ ᠲᠠᠯᠠᠪᠠᠢ ᠪᠠᠨ ᠲᠠᠩᠰᠠᠯᠠᠭᠤᠯᠵᠤ᠂ ᠮᠠᠯ ᠮᠠᠯᠵᠢᠬᠤ᠂ ᠦᠬᠡᠷ ᠬᠤᠨᠢᠨ ᠤ ᠮᠢᠬ᠎ᠠ ᠪᠠᠨ ᠡᠳ᠋ᠰᠢᠬᠦᠯᠤᠨ ᠪᠤᠷᠤᠯᠠᠭᠤᠯᠬᠤ ᠪᠠᠷ ᠮᠠᠯᠵᠢᠯ ᠤᠨ ᠲᠠᠯᠠᠪᠠᠢ ᠶᠢᠨ ᠢᠶᠠᠨ ᠡᠵᠡᠩᠨᠡᠯᠳᠡ ᠶᠢᠨ ᠭᠤᠤᠯ ᠴᠢᠭᠯᠡᠯ ᠢᠶᠠᠨ ᠪᠤᠯᠭᠠᠪᠠ᠃ 2019 ᠤᠨ ᠤ ᠮᠠᠯᠵᠢᠯ ᠤᠨ ᠲᠠᠯᠠᠪᠠᠢ ᠶᠢᠨ ᠦᠬᠡᠷ ᠤᠨ ᠲᠤᠭ᠎ᠠ ᠨᠢ 90᠎ ᠪᠠᠷ ᠲᠤᠭᠠᠯᠠᠭᠳᠠᠵᠤ᠂ ᠡᠬᠦᠨ ᠳᠤ ᠲᠤᠭᠤᠯᠯᠠᠬᠤ ᠦᠨᠢᠶ᠎ᠠ 65᠂ ᠦᠬᠢᠨ ᠪᠢᠷᠠᠭᠤ 23 ᠰᠢᠳᠤᠯᠠᠩ ᠦᠨᠢᠶ᠎ᠠ᠂ 2 ᠪᠤᠬ᠎ᠠ ᠪᠠᠭᠳᠠᠨ᠎ᠠ᠂ ᠮᠠᠯᠵᠢᠯ ᠤᠨ ᠲᠠᠯᠠᠪᠠᠢ ᠶᠢᠨ ᠤᠷᠤᠯᠭ᠎ᠠ ᠨᠢ 70 ᠲᠦᠮᠡᠨ ᠲᠦᠬᠦᠷᠢᠭ ᠲᠤ ᠬᠦᠷᠴᠤ᠂ ᠴᠠᠪᠠᠷ ᠤᠷᠤᠯᠭ᠎ᠠ ᠨᠢ 30 ᠲᠦᠮᠡᠨ ᠲᠦᠬᠦᠷᠢᠭ ᠲᠤ ᠬᠦᠷᠴᠠᠢ᠃ 2023 ᠤᠨ ᠳᠤ ᠪᠠᠰᠠ 20 ᠲᠦᠮᠡᠨ ᠲᠦᠬᠦᠷᠢᠭ ᠤᠨ ᠪᠠᠯᠠ  ᠤᠷᠤᠭᠤᠯᠵᠤ᠂ ᠮᠢᠬᠠᠨ ᠤ ᠦᠬᠡᠷ ᠲᠡᠵᠢᠬᠡᠨ ᠦᠷᠡᠵᠢᠬᠦᠯᠬᠦ ᠰᠠᠭᠤᠷᠢᠨ ᠰᠢᠨ᠎ᠠ ᠪᠠᠷ ᠪᠠᠶᠢᠭᠤᠯᠵᠤ᠂ ᠫᠸᠡᠭ ᠬᠤᠷᠤᠭ᠎ᠠ ᠪᠠᠷᠢᠬᠤ ᠪᠠ ᠪᠤᠷᠳᠤᠵᠤ ᠲᠠᠷᠭᠤᠯᠠᠭᠤᠯᠬᠤ ᠲᠦᠬᠦᠬᠡᠷᠤᠮᠵᠢ ᠬᠤᠳᠠᠯᠳᠤᠨ ᠠᠪᠬᠤ ᠳᠤ ᠬᠡᠷᠡᠭᠯᠡᠵᠤ᠂ ᠦᠪᠡᠷ ᠤᠨ ᠮᠠᠯᠵᠢᠯ ᠎ ᠤᠨ ᠲᠡᠯᠠᠪᠠᠢ ᠶᠢᠨ ᠬᠡᠪᠴᠢᠶᠠᠵᠢᠯ ᠢᠶᠠᠨ ᠦᠷᠬᠦᠯᠵᠢᠯᠡᠨ ᠦᠷᠬᠡᠳᠬᠡᠵᠤ᠂ ᠤᠷᠤᠯᠭ᠎ᠠ ᠪᠠᠨ ᠨᠡᠮᠡᠭᠳᠡᠬᠦᠯᠬᠦ ᠳᠤ  ᠵᠠᠷᠤᠴᠠᠭᠤᠯᠵᠠᠢ᠃ ᠡᠬᠦᠨ ᠠᠴᠠ ᠭᠠᠳᠠᠨ᠎ᠠ᠂ ᠦᠢᠯᠡᠳᠪᠤᠷᠢᠯᠡᠯ ᠪᠤᠷᠤᠯᠠᠭᠤᠯᠭ᠎ᠠ ᠶᠢᠨ ᠰᠢᠨ᠎ᠠ ᠵᠠᠭᠪᠤᠷ ᠢ ᠢᠳᠡᠪᠬᠢᠳᠡᠢ ᠎ ᠪᠠᠷ ᠬᠠᠶᠢᠨ ᠰᠦᠪᠡᠭᠴᠢᠯᠡᠵᠤ᠂ ᠠᠶᠢᠯ ᠰᠠᠭᠠᠬᠠᠯᠳᠠ ᠶᠢᠨ ᠢᠶᠠᠨ ᠤᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠸᠢᠴᠠᠲ ᠲᠠᠪᠴᠠᠩ ᠢᠶᠠᠷ ᠲᠠᠮᠵᠢᠭᠤᠯᠤᠨ ᠴᠠᠪᠠᠷ ᠪᠠᠶᠢᠭᠠᠯᠢᠯᠢᠭ ᠬᠠᠳᠠᠭᠠᠭᠰᠡᠨ ᠪᠤᠷᠴᠠ ᠬᠤᠳᠠᠯᠳᠤᠭᠠᠳ 4 ᠲᠦᠮᠡᠨ ᠲᠦᠬᠦᠷᠢᠭ ᠤᠨ ᠤᠷᠤᠯᠭ᠎ᠠ ᠡᠬᠦᠳᠴᠠᠢ᠃      ᠭᠠᠩᠬᠤᠶᠠᠭ ᠭᠠᠯ ᠵᠠᠯᠠᠭᠤ ᠨᠠᠰᠤᠨ ᠤ ᠭᠠᠨᠭ᠌ ᠲᠦᠷᠤᠬᠡᠨ ᠲᠡᠬᠡᠷ᠎ᠠ ᠬᠢᠯᠠᠷᠠᠭᠤᠯᠵᠤ᠂ ᠬᠦᠳᠡᠭᠡ ᠨᠤᠳᠤᠭ ᠲᠤ ᠎ ᠪᠠᠨ ᠦᠪᠡᠷ ᠤᠨ ᠦᠷᠳᠡᠭ ᠢᠶᠠᠨ ᠪᠠᠳᠠᠷᠠᠭᠤᠯᠵᠤ ᠶᠠᠪᠤᠨ᠎ᠠ᠃ ᠢᠷᠡᠬᠡᠳᠤᠢ ᠪᠠᠨ ᠪᠠᠷᠠᠯᠠᠬᠤᠶ᠎ᠠ᠂ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠠᠵᠢᠯ ᠳᠤ ᠦᠷᠬᠦᠯᠵᠢᠯᠡᠨ ᠭᠠᠪᠰᠢᠭᠠᠶᠢᠯᠠᠵᠤ᠂ ᠮᠠᠯᠴᠢᠨ ᠲᠦᠮᠡᠨ ᠢᠶᠠᠨ ᠲᠠᠭᠠᠭᠤᠯᠤᠨ᠂ ᠪᠠᠶᠠᠵᠢᠨ ᠴᠢᠨᠡᠬᠡᠯᠢᠭᠵᠢᠬᠦ ᠬᠦᠭᠵᠢᠯᠳᠠ ᠶᠢᠨ ᠵᠠᠮ ᠢᠶᠠᠨ ᠨᠠᠩ ᠰᠠᠷᠠᠭᠤᠯ ᠲᠠᠷᠳᠠᠩ ᠪᠤᠯᠭᠠᠵᠤ᠂ ᠪᠤᠳᠠᠳᠤ ᠠᠵᠢᠯᠯᠠᠭ᠎ᠠ ᠎ ᠪᠠᠷ ᠢᠶᠠᠨ ᠴᠠᠭ ᠦᠶ᠎ᠠ ᠲᠠᠢ ᠠᠯᠬᠤᠭ᠎ᠠ ᠵᠤᠬᠢᠴᠠᠭᠤᠯᠵᠤ᠂ ᠵᠠᠯᠠᠭᠤ ᠨᠠᠰᠤᠨ ᠤ ᠬᠡᠷᠡᠯ ᠬᠢᠯᠪᠠᠭ᠎ᠠ ᠪᠠᠨ ᠦᠷᠬᠦᠯᠵᠢᠯᠠᠨ ᠰᠠᠴᠤᠷᠠᠭᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号