ᠠᠪᠠᠭ᠎ᠠ ᠬᠤᠰᠢᠭᠤᠨ ᠤ ᠨᠢᠬᠡᠳᠤᠬᠡᠷ ᠪᠠᠭ᠎ᠠ ᠰᠤᠷᠭᠠᠭᠤᠯᠢ ᠨᠢ ᠤᠰᠤ ᠠᠷᠪᠢᠯᠠᠬᠤ ᠬᠦᠮᠤᠵᠢᠯ ᠢ ᠪᠠᠶᠢᠩᠭᠤ ᠎ ᠶᠢᠨ ᠴᠢᠨᠡᠷᠳᠡᠢ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2024/3/25
     2024 ᠤᠨ ᠤ 3 ᠰᠠᠷ᠎ᠠ ᠶᠢᠨ 22᠎ ᠤ ᠡᠳᠤᠷ ᠪᠤᠯ ᠭᠤᠴᠢᠨ ᠬᠤᠶᠠᠳᠤᠭᠠᠷ ᠤᠳᠠᠭᠠᠨ ᠤ ︽ᠲᠠᠯᠡᠬᠡᠢ ᠶᠢᠨ ᠤᠰᠤ ᠠᠷᠪᠢᠯᠠᠬᠤ ᠡᠳᠤᠷ︾᠂ ᠮᠦᠡᠴᠤ 3 ᠰᠠᠷ᠎ᠠ ᠶᠢᠨ 22᠎ ᠤ ᠡᠳᠤᠷ ᠠᠴᠠ 28᠎ ᠤ ᠡᠳᠤᠷ ᠪᠤᠯᠳᠠᠯ᠎ᠠ ᠭᠤᠴᠢᠨ ᠲᠤᠯᠤᠳᠤᠭᠠᠷ ᠤᠳᠠᠭᠠᠨ ᠤ ︽ᠲᠤᠮᠳᠠᠳᠤ ᠤᠯᠤᠰ ᠤᠨ ᠤᠰᠤ ᠠᠷᠪᠢᠯᠠᠬᠤ ᠭᠠᠷᠠᠭ︾ ᠲᠤᠬᠢᠶᠠᠵᠤ ᠪᠠᠶᠢᠭ᠎ᠠ ᠶᠤᠮ᠃ ᠲᠤᠰ ᠡᠳᠤᠷ ᠤᠳ ᠢ ᠲᠤᠭᠢᠶᠠᠯᠳᠤᠭᠤᠯᠤᠨ ᠠᠪᠠᠭ᠎ᠠ ᠬᠤᠰᠢᠭᠤᠨ ᠤ ᠨᠢᠬᠡᠳᠤᠬᠡᠷ ᠪᠠᠭ᠎ᠠ ᠰᠤᠷᠭᠠᠭᠤᠯᠢ ᠨᠢ 3 ᠰᠠᠷ᠎ᠠ ᠎ ᠶᠢᠨ 22᠎ ᠤ ᠡᠳᠤᠷ᠂ ᠤᠰᠤ ᠠᠷᠪᠢᠯᠠᠬᠤ ᠬᠦᠮᠤᠵᠢᠯ ᠤᠨ ᠤᠬᠠᠭᠤᠯᠭ᠎ᠠ ᠶᠢᠨ ᠰᠢᠷᠢᠰ ᠠᠵᠢᠯᠯᠠᠭ᠎ᠠ ᠦᠷᠨᠢᠬᠦᠯᠪᠠ᠃      ᠤᠰᠤ ᠪᠤᠯ ᠠᠮᠢ ᠨᠠᠰᠤᠨ ᠤ ᠡᠬᠢ ᠤᠡᠳᠤᠷᠤᠯ᠃ ᠠᠮᠢᠳᠠᠨ ᠤᠷᠭᠤᠮᠠᠯ ᠤᠰᠤ ᠪᠠᠷ ᠤᠮᠳᠠᠯᠠᠳᠠᠭ᠃ ᠬᠦᠮᠤᠨ ᠲᠦᠷᠤᠯᠬᠢᠳᠠᠨ ᠨᠠᠩ ᠴᠤ ᠤᠰᠤ ᠠᠴᠠ ᠰᠠᠯᠵᠤ ᠴᠢᠳᠠᠬᠤ ᠦᠬᠡᠢ ᠶᠤᠮ᠃ ᠡᠶᠢᠮᠤ ᠠᠴᠠ ᠰᠤᠷᠤᠭᠴᠢᠳ ᠬᠠᠷᠠᠬᠠᠨ ᠪᠠᠭ᠎ᠠ ᠠᠴᠠ ᠪᠠᠨ ᠡᠬᠢᠯᠡᠨ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠶᠢ ᠮᠠᠳᠡᠵᠤ᠂ ᠠᠷᠪᠢᠯᠠᠨ ᠬᠡᠷᠡᠭᠯᠡᠬᠦ ᠲᠠᠳᠬᠠᠯ ᠲᠠᠢ ᠪᠤᠯᠬᠤ ᠨᠢ ᠴᠢᠬᠤᠯᠠ ᠬᠡᠰᠡᠨ ᠶᠤᠰᠤ ᠤᠴᠢᠷ ᠢ ᠲᠠᠨᠢᠭᠤᠯᠬᠤ ᠡᠬᠦᠳᠠᠨ ᠠᠴᠠ ᠪᠦᠬᠦ ᠰᠤᠷᠤᠭᠴᠢᠳ ᠤᠨ ᠤᠷᠢᠶᠠᠯᠠᠭ᠎ᠠ ᠶᠢᠨ ᠶᠠᠷᠢᠶ᠎ᠠ ᠬᠡᠬᠦ᠂ ᠵᠢᠷᠤᠭᠳᠤ ᠲᠠᠯᠬᠡᠴᠠ ᠪᠠᠷ ᠤᠬᠠᠭᠤᠯᠬᠤ᠂ ᠠᠩᠬᠢ ᠪᠠᠷ ᠨᠢᠬᠡᠴᠡᠯᠡᠭᠰᠡᠨ ᠬᠦᠮᠤᠵᠢᠯ ᠎ ᠤᠨ ᠲᠤᠰᠬᠠᠢ ᠬᠦᠮᠤᠵᠢᠯ ᠢ ᠡᠷᠬᠢᠯᠡᠵᠤ᠂ ᠬᠤᠶᠢᠰᠢᠳᠠ ᠪᠠᠶᠢᠩᠭᠤ ᠶᠢᠨ ᠴᠢᠨᠡᠷᠳᠡᠢ ᠬᠠᠮᠢᠶᠠᠷᠤᠯᠳᠠ᠂ ᠬᠦᠮᠤᠵᠢᠯ ᠤᠨ ᠨᠢᠬᠡ ᠲᠦᠷᠤᠯ ᠪᠤᠯᠭᠠᠨ ᠠᠳᠬᠤᠵᠤ ᠪᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号