ᠠᠪᠠᠭ᠎ᠠ ᠬᠤᠰᠢᠭᠤᠨ ᠤ ᠲᠣᠭᠠᠴᠢᠯᠠᠭᠰᠠᠨ ᠰᠢᠨ᠎ᠡ ᠡᠨᠧᠷᠭᠢ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠨᠢ ᠠᠵᠤ ᠠᠬᠤᠶ ᠶᠢᠨ ᠬᠥᠭᠵᠢᠯᠲᠡ ᠳᠤ ᠡᠨᠧᠷᠭᠢ ᠣᠯᠭᠤᠵᠦ ᠪᠠᠶᠢᠨ᠎ᠠ
ᠨᠡᠶᠢᠲᠡᠯᠡᠭᠰᠡᠨ ᠴᠠᠭ᠄
2024/3/25
     ᠠᠪᠠᠭ᠎ᠠ ᠬᠤᠰᠢᠭᠤᠨ ᠤ ᠲᠣᠭᠠᠴᠢᠯᠠᠭᠰᠠᠨ ᠰᠢᠨ᠎ᠡ ᠡᠨᠧᠷᠭᠢ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ ᠵᠢᠱᠢᠯᠲᠡ ᠪᠠᠷ ᠡᠨᠡ ᠵᠢᠯ ᠤᠨ 9 ᠰᠠᠷ᠎ᠠ ᠳᠤ ᠠᠰᠢᠭᠯᠠᠯᠲᠠ ᠳᠤ ᠣᠷᠣᠭᠤᠯᠤᠨ᠎ᠠ᠃ ᠲᠣᠰ ᠲᠥᠷᠥᠯ ᠵᠦᠢᠯ ᠪᠣᠯ ᠠᠪᠠᠭ᠎ᠠ ᠬᠤᠰᠢᠭᠤᠨ ᠤ 2024 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠤᠯᠭᠠᠭᠤᠷᠢ ᠲᠥᠷᠥᠯ ᠵᠦᠢᠯ ᠤᠨ ᠨᠢᠭᠡ ᠪᠣᠯᠤᠨ᠎ᠠ᠂ ᠵᠥᠩ ᠾᠧᠩ ᠬᠤᠶ ᠲᠡᠭᠡᠭᠡᠪᠦᠷᠢ ᠶᠢᠨ ᠺᠣᠮᠫᠠᠨᠢ ᠠᠴᠠ ᠪᠠᠯᠠ ᠣᠷᠣᠭᠤᠯᠤᠨ ᠪᠦᠲᠦᠭᠡᠨ ᠪᠠᠶᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 8 883 ᠲᠦᠮᠡᠨ ᠲᠥᠭᠦᠷᠢᠭ ᠪᠣᠯᠤᠨ᠎ᠠ᠃ ᠬᠦᠷᠢᠶᠡᠯᠡᠩ ᠲᠣᠭᠤᠷᠢᠭ ᠨᠢ ᠲᠣᠭᠠᠴᠢᠯᠠᠭᠰᠠᠨ ᠪᠠᠷᠠᠭᠠᠨ ᠤ ᠭᠦᠢᠯᠭᠡᠭᠡᠨ ᠤ ᠰᠢᠨ᠎ᠡ ᠡᠨᠧᠷᠭᠢ ᠶᠢᠨ ᠲᠥᠪ᠂ ᠭᠤᠤᠯ ᠴᠠᠬᠢᠯᠭᠠᠨ ᠬᠦᠴᠦᠨ ᠤ ᠬᠠᠩᠭᠠᠯᠭ᠎ᠠ ᠶᠢᠨ ᠰᠢᠰᠲ᠋ᠧᠮ᠂ ᠠᠷᠠᠴᠢᠯᠠᠨ ᠬᠠᠮᠠᠭᠠᠯᠠᠬᠤ ᠲᠥᠪ᠂ ᠨᠢᠭᠡ ᠥᠷᠲᠡᠭᠡ ᠮᠠᠶ᠋ᠢᠭ ᠤᠨ ᠵᠢᠯᠣᠭᠤᠴᠢ ᠶᠢᠨ ᠦᠢᠯᠡᠴᠢᠯᠡᠭᠡᠨ ᠤ ᠲᠥᠪ ᠵᠡᠷᠭᠡ ᠳᠥᠷᠪᠡᠨ ᠶᠡᠭᠡ ᠴᠢᠳᠠᠮᠵᠢ ᠶᠢ ᠨᠢᠭᠡ ᠴᠣᠭᠴᠠᠵᠢᠭᠤᠯᠵᠤ᠂ ︽ᠲᠣᠰᠣ ᠶᠢ ᠴᠠᠬᠢᠯᠭᠠᠨ ᠡᠨᠧᠷᠬᠢ ᠪᠤᠯᠭᠠᠬᠤ︾ ᠪᠠ ︽ᠲᠠᠷᠠᠬᠠᠢ ᠠᠴᠠ ᠴᠤᠭᠯᠠᠷᠠᠯ ᠪᠣᠯᠭᠠᠬᠤ︾ ᠵᠠᠭᠪᠤᠷ ᠢᠶᠠᠷ ᠳᠠᠮᠵᠢᠭᠤᠯᠤᠨ᠂ ᠴᠠᠶᠢᠶ᠋ᠢᠦ ᠪᠠᠷ ᠲᠦᠯᠡᠰᠢ ᠪᠣᠯᠭᠠᠭᠰᠠᠨ ᠬᠦᠨᠳᠦ ᠠᠴᠢᠶᠠᠨ ᠤ ᠮᠠᠰᠢᠨ ᠲᠡᠷᠭᠡᠨ ᠤ ᠠᠭᠠᠷ ᠤᠨ ᠪᠣᠬᠢᠷᠲᠤᠯ ᠢ ᠪᠦᠲᠦᠮᠵᠢᠲᠡᠶ ᠪᠠᠭᠠᠰᠬᠠᠵᠤ᠂ ᠬᠦᠨᠳᠦ ᠠᠴᠢᠶᠠᠨ ᠤ ᠮᠠᠰᠢᠨ ᠲᠡᠷᠭᠡᠨ ᠤ ᠠᠵᠢᠯ ᠲᠥᠷᠥᠯ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ ᠬᠦᠨᠳᠦ ᠠᠴᠢᠶᠠᠨ ᠤ ᠮᠠᠰᠢᠨ ᠲᠡᠷᠭᠡᠨ ᠤ ᠠᠵᠢᠯ ᠲᠥᠷᠥᠯ ᠤᠨ ᠪᠣᠬᠢᠷᠲᠤᠯ ᠥᠬᠡᠶ ᠬᠡᠯᠪᠡᠷᠢ ᠶᠢ ᠬᠤᠪᠢᠷᠠᠭᠤᠯᠬᠤ ᠳᠤ ᠬᠦᠴᠦᠨ ᠨᠡᠮᠡᠷᠢᠯᠡᠨ᠎ᠡ᠃ ᠲᠥᠷᠥᠯ ᠵᠦᠢᠯ ᠢ 2023 ᠣᠨ ᠤ 12 ᠰᠠᠷ᠎ᠠ ᠳᠤ ᠡᠬᠢᠯᠡᠨ ᠪᠠᠶᠢᠭᠤᠯᠵᠤ᠂ ᠵᠢᠱᠢᠯᠲᠡ ᠪᠠᠷ ᠡᠨᠡ ᠵᠢᠯ ᠤᠨ 9 ᠰᠠᠷ᠎ᠠ ᠳᠤ ᠴᠠᠬᠢᠯᠭᠠᠨ ᠬᠥᠳᠡᠯᠭᠡᠭᠦᠷᠲᠦ 100 ᠬᠦᠨᠳᠦ ᠠᠴᠢᠶᠠᠨ ᠤ ᠮᠠᠰᠢᠨ ᠢ ᠠᠰᠢᠭᠯᠠᠯᠲᠠ ᠳᠤ ᠣᠷᠣᠭᠤᠯᠵᠤ᠂ ᠪᠥᠬᠦ ᠵᠢᠯ ᠳᠤ ᠪᠠᠷᠤᠭ 300 ᠲᠦᠮᠡᠨ ᠲᠣᠨ ᠪᠠᠷᠠᠭ᠎ᠠ ᠲᠡᠭᠡᠭᠡᠪᠦᠷᠢᠯᠡᠵᠦ᠂ ᠦᠢᠯᠡᠳᠬᠦᠨ ᠤ ᠥᠷᠲᠡᠭ ᠨᠢ ᠵᠢᠱᠢᠯᠲᠡ ᠪᠠᠷ 1.65 ᠳ᠋ᠦᠩᠰᠢᠭᠤᠷ ᠲᠥᠭᠦᠷᠢᠭ ᠲᠤ ᠬᠦᠷᠬᠦ ᠪᠣᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号