ᠸᠠᠩ ᠰᠢᠶᠤᠤ ᠸᠧᠶ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/26
     3 ᠰᠠᠷ᠎ᠠ ᠶᠢᠨ 21᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠰᠢᠶᠤᠤ ᠸᠧᠶ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠨᠢᠬᠡᠴᠠ ᠶᠢᠨ 2024 ᠣᠨ ᠤ ᠠᠵᠢᠯ ᠤᠨ ᠰᠡᠳᠬᠢᠮᠵᠢ ᠶᠢ ᠰᠣᠨᠣᠰᠤᠨ᠂ ᠣᠳᠣᠬᠠᠨ ᠤ ᠪᠠᠶᠢᠳᠠᠯ ᠢ ᠵᠠᠳᠠᠯᠤᠨ ᠰᠤᠳᠤᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠡᠯ᠎ᠡ ᠱᠠᠲᠤᠨ ᠤ ᠤᠯᠠᠨ ᠲᠦᠮᠡᠡᠴᠢ ᠪᠦᠯᠬᠦᠮ ᠤᠨ ᠵᠣᠬᠢᠶᠠᠨ ᠪᠠᠶᠢᠭᠤᠯᠤᠯᠲᠠ ᠢᠮᠠᠭᠲᠠ ᠤᠯᠤᠰ ᠲᠦᠷᠦᠴᠢ ᠴᠢᠨᠠᠷ ᠢ ᠲᠡᠷᠢᠭᠦᠨ ᠱᠠᠭᠠᠷᠳᠠᠯᠭ᠎ᠠ ᠪᠣᠯᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠨ᠂ ᠤᠯᠠᠨ ᠲᠦᠮᠡᠨ ᠳᠤ ᠤᠯᠠᠨ ᠠᠷᠭ᠎ᠠ ᠵᠠᠮ᠂ ᠨᠠᠷᠢᠯᠢᠬᠵᠢᠭᠤᠯᠤᠭᠰᠠᠨ ᠦᠢᠯᠡᠴᠢᠯᠡᠭᠡ ᠬᠠᠩᠭᠠᠵᠤ᠂ ᠤᠯᠠᠨ ᠲᠦᠮᠠᠡᠴᠢ ᠪᠦᠯᠬᠦᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠬᠡᠪᠡ᠃      ᠬᠤᠷᠠᠯ ᠠᠴᠠ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠰᠢᠨ᠎ᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠡᠷᠡᠭᠴᠡᠭᠡ ᠶᠢ ᠡᠵᠡᠮᠳᠡᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠦᠢᠯᠡᠰ ᠤᠨ ᠲᠠᠯ᠎ᠠ ᠪᠠᠷ ᠵᠢᠳᠬᠦᠯ ᠴᠢᠷᠮᠠᠶᠢᠯᠭ᠎ᠠ ᠭᠠᠷᠭᠠᠨ᠂ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠤᠯᠠᠨ ᠲᠦᠮᠡᠡᠴᠢ ᠪᠦᠯᠬᠦᠮ ᠤᠨ ᠵᠣᠬᠢᠶᠠᠨ ᠪᠠᠶᠢᠭᠤᠯᠤᠯᠲᠠ ᠶᠢ ᠦᠨᠡᠨᠬᠦ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠤᠨ᠂ ᠰᠠᠭᠤᠷᠢᠨ ᠭᠠᠵᠠᠷ ᠢ ᠤᠯᠠᠨ ᠲᠦᠮᠡᠨ ᠤ ᠳᠡᠷᠭᠡᠳᠡ ᠪᠠᠶᠢᠭᠤᠯᠵᠤ᠂ ᠦᠢᠯᠡᠴᠢᠯᠡᠭᠡᠨ ᠤ ᠠᠵᠢᠯ ᠢ ᠤᠯᠠᠨ ᠲᠦᠮᠡᠨ ᠤ ᠲᠠᠭᠠᠰᠢᠶᠠᠯ ᠳᠤ ᠬᠦᠷᠬᠡᠨ᠂ ᠤᠯᠠᠨ ᠲᠦᠮᠡᠡᠴᠢ ᠪᠦᠯᠬᠦᠮ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠥᠷᠭᠡᠳᠬᠡᠵᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ ᠲᠦᠷᠤᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠬᠤᠰᠢᠭᠤ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠮᠡᠷᠭᠡᠵᠢᠯ ᠤᠨ ᠨᠡᠶᠢᠭᠡᠮᠯᠢᠭ᠂ ᠠᠵᠢᠯᠴᠢᠨ ᠤ ᠡᠪᠯᠡᠯ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠨᠠᠮ ᠤᠨ ᠰᠤᠷᠭᠠᠭᠤᠯᠢ᠂ ᠲᠡᠦᠬᠡ ᠣᠶᠢᠯᠠᠯᠭ᠎ᠠ ᠶᠢᠨ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ᠂ ᠲᠠᠩᠰᠠ ᠡᠪᠬᠡᠮᠡᠯ ᠤᠨ ᠰᠠᠩ ᠠᠴᠠ ᠡᠨᠡ ᠵᠢᠯ ᠤᠨ ᠠᠵᠢᠯ ᠤᠨ ᠰᠡᠳᠬᠢᠮᠵᠢ ᠶᠢᠨ ᠲᠤᠬᠠᠶ ᠬᠠᠷᠢᠭᠤ ᠮᠡᠳᠡᠭᠦᠯᠦᠯᠲᠡ ᠬᠢᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号