ᠨᠠᠰᠤᠨᠪᠠᠲᠤ ᠪᠡᠭᠡᠵᠢᠩ᠂ ᠱᠠᠨᠳᠦ᠋ᠩ ᠳᠤ ᠬᠦᠷᠴᠦ ᠪᠠᠶᠢᠴᠠᠭᠠᠨ ᠰᠤᠳᠤᠯᠤᠯᠳᠠ ᠬᠢᠵᠤ ᠱᠠᠯᠠᠪᠳᠠᠭᠤᠯᠤᠨ ᠵᠤᠯᠭᠠᠭᠤᠯᠪᠠ
ᠨᠡᠶᠢᠲᠡᠯᠡᠭᠰᠡᠨ ᠴᠠᠭ᠄
2024/3/26
     3 ᠰᠠᠷ᠎ᠠ ᠶᠢᠨ 18᠎ ᠤ ᠡᠳᠦᠷ ᠠᠴᠠ 21᠎ ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠪᠦᠯᠬᠦᠮ ᠳᠠᠭᠠᠭᠤᠯᠤᠨ ᠪᠡᠭᠡᠵᠢᠩ᠂ ᠱᠠᠨᠳᠦ᠋ᠩ ᠵᠡᠷᠭᠡ ᠭᠠᠵᠠᠷ ᠲᠤ ᠬᠦᠷᠴᠦ᠂ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ︽ᠤᠷᠤᠨ ᠪᠦᠰᠠ ᠶᠢᠨ ᠠᠵᠤ ᠠᠬᠤᠢ ᠶᠢᠨ ᠬᠠᠮᠳᠤᠷᠠᠯᠴᠠᠭᠠᠨ︾᠎ ᠤ ᠠᠵᠤ ᠦᠢᠯᠡᠰ ᠤᠨ ᠨᠠᠶᠢᠳᠠᠪᠤᠷᠢᠵᠢᠭᠤᠯᠤᠯᠲᠠ ᠶᠢ ᠱᠠᠯᠠᠪᠳᠠᠭᠤᠯᠤᠨ  ᠵᠣᠯᠭᠠᠭᠤᠯᠵᠤ᠂  ︽ᠲᠦᠬᠦᠮ ᠵᠠᠭᠤᠰᠢ︾᠎ ᠶᠢᠨ ᠠᠵᠤ ᠦᠢᠯᠡᠰ ᠤᠨ ᠬᠥᠭᠵᠢᠯᠲᠡ ᠵᠡᠷᠭᠡ ᠶᠠᠪᠤᠳᠠᠯ ᠎ ᠳᠤ ᠪᠠᠶᠢᠴᠠᠭᠠᠨ ᠰᠤᠳᠤᠯᠤᠯᠳᠠ  ᠬᠢᠪᠠ᠃      ᠬᠤᠸᠠ ᠯᠦᠩ ᠬᠤᠪᠢ ᠡᠵᠡᠮᠳᠡᠭᠰᠡᠨ ᠪᠦᠯᠦᠭᠯᠡᠯ ᠳᠤ᠂ ᠨᠠᠰᠤᠨᠪᠠᠲᠤ ᠭᠤᠤᠯᠳᠠᠯᠭ᠎ᠠ ᠲᠠᠢ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ︽ᠣᠷᠣᠨ ᠪᠦᠰᠠ ᠶᠢᠨ ᠠᠵᠤ ᠠᠬᠤᠢ ᠶᠢᠨ ᠬᠠᠮᠳᠤᠷᠠᠯᠴᠠᠭᠠᠨ︾ ᠪᠣᠯᠤᠨ ᠯᠦᠩ ᠰᠢᠩ ᠠᠭᠤᠷᠬᠠᠶ ᠶᠢᠨ ᠦᠢᠯᠡᠰ ᠤᠨ 150 ᠲᠦᠮᠡᠨ ᠲᠣᠨ ᠮᠡᠷᠭᠡᠵᠢᠯ ᠤᠨ ᠥᠭᠡᠷᠡᠴᠢᠯᠡᠯᠲᠡ ᠶᠢᠨ ᠲᠣᠭᠤᠷᠢᠨ ᠳᠤ ᠴᠢᠳᠠᠪᠤᠷᠢ ᠪᠠᠨ ᠥᠷᠭᠡᠳᠬᠡᠬᠦ ᠶᠢ ᠪᠥᠬᠦ ᠲᠠᠯ᠎ᠠ ᠪᠠᠷ ᠵᠣᠯᠭᠠᠭᠤᠯᠪᠠ᠃ ᠲᠡᠷᠡ᠂ ᠯᠦᠩ ᠰᠢᠩ ᠬᠠᠶᠢᠯᠤᠭᠤᠷ ᠵᠣᠩᠰᠢ ᠶᠢᠨ ᠠᠭᠤᠷᠬᠠᠢ ᠨᠢ ᠪᠠᠶᠢᠯᠳᠤᠬᠤ ᠪᠤᠳᠤᠯᠭ᠎ᠠ ᠶᠢᠨ ᠴᠢᠬᠤᠯᠠ ᠡᠬᠢ ᠪᠠᠶᠠᠯᠢᠭ ᠪᠣᠯᠤᠭᠰᠠᠨ ᠤ ᠬᠤᠪᠢ ᠳᠤ᠂ ᠠᠵᠤ ᠠᠬᠤᠶᠢᠯᠠᠯ ᠤᠨ ᠬᠢᠨ ᠡᠷᠬᠡᠪᠰᠢ ᠴᠢᠨᠠᠷ ᠰᠠᠶᠢᠲᠠᠢ ᠨᠡᠭᠡᠭᠡᠨ ᠠᠰᠢᠭᠯᠠᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠣᠨᠴᠠᠭᠠᠶᠢᠯᠠᠨ ᠪᠦᠬᠦ ᠠᠶᠢᠮᠠᠭ ᠤᠨ ︽ᠤᠷᠤᠨ ᠪᠦᠰᠠ ᠶᠢᠨ ᠠᠵᠤ ᠠᠬᠤᠢ ᠬᠠᠮᠳᠤᠷᠠᠯᠴᠠᠭᠰᠡᠨ ᠶᠢᠨ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠨ᠂ ᠬᠠᠶᠢᠯᠤᠭᠤᠷ ᠵᠣᠩᠰᠢ ᠶᠢᠨ ᠠᠵᠤ ᠦᠢᠯᠡᠰ ᠢ ᠠᠩᠬ᠎ᠠ ᠵᠡᠷᠭᠡ ᠶᠢᠨ ᠪᠣᠷᠣᠯᠠᠭᠤᠯᠭ᠎ᠠ ᠠᠴᠠ ᠹᠯᠣᠷ ᠤᠨ ᠬᠢᠮᠢ ᠶᠢᠨ ᠠᠵᠤ ᠦᠢᠯᠡᠳᠪᠦᠷᠢ ᠪᠣᠯᠭᠠᠨ ᠬᠤᠪᠢᠷᠠᠭᠤᠯᠬᠤ ᠶᠢ ᠴᠢᠷᠮᠠᠶᠢᠨ  ᠠᠬᠢᠭᠤᠯᠵᠤ᠂ ᠬᠠᠶᠢᠯᠤᠭᠤᠷ ᠵᠣᠩᠰᠢ ᠶᠢᠨ ᠠᠵᠤ ᠦᠢᠯᠡᠰ ᠢ ᠪᠦᠬᠦ ᠠᠶᠢᠮᠠᠭ᠂ ᠪᠦᠬᠦ ᠣᠷᠣᠨ ᠤ ᠬᠡᠪ ᠳᠠᠭᠤᠷᠢᠶᠠᠯ ᠤᠨ ᠠᠵᠤ ᠦᠢᠯᠡᠰ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠱᠠᠨᠳᠦ᠋ᠩ ᠤᠨ ᠵᠢᠶᠠ ᠱᠢ ᠪᠥᠸᠧ ᠢᠳᠡᠭᠡᠨ ᠤ ᠬᠢᠵᠠᠭᠠᠷᠲᠤ ᠺᠣᠮᠫᠠᠨᠢ ᠳᠤ᠂ ᠨᠠᠰᠤᠨᠪᠠᠲᠤ  ︽ᠲᠦᠬᠦᠮ ᠵᠠᠭᠤᠰᠢ︾᠎ ᠶᠢᠨ ᠠᠵᠤ ᠦᠢᠯᠡᠰ ᠤᠨ ᠬᠥᠭᠵᠢᠯᠲᠡ ᠶᠢᠨ ᠲᠡᠷᠢᠭᠦᠨ ᠤ ᠲᠤᠷᠰᠢᠯᠭ᠎ᠠ ᠶᠢ ᠨᠠᠷᠢᠨ ᠣᠶᠢᠯᠠᠭᠠᠬᠤ ᠶᠢᠨ ᠬᠠᠮᠲᠤ ︽ᠲᠦᠬᠦᠮ ᠵᠠᠭᠤᠰᠢ︾᠎ ᠶᠢᠨ ᠬᠦᠷᠢᠶᠡᠨ ᠤ ᠬᠠᠮᠲᠤᠷᠠᠯᠴᠠᠭ᠎ᠠ ᠪᠣᠯᠤᠨ ᠵᠠᠬ᠎ᠠ ᠳᠡᠯᠭᠡᠭᠦᠷ ᠤᠨ ᠬᠠᠨᠳᠤᠰᠢ ᠵᠡᠷᠭᠡ ᠲᠠᠯ᠎ᠠ ᠪᠠᠷ ᠠᠵᠤ ᠠᠬᠤᠶᠢᠯᠠᠯ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ ᠢᠯᠡᠷᠬᠡᠶᠢᠯᠡᠬᠦ ᠳᠡᠭᠡᠨ᠂ ᠣᠳᠣᠬᠠᠨ ᠳᠤ ︽ᠲᠦᠬᠦᠮ ᠵᠠᠭᠤᠰᠢ︾᠎ ᠶᠢᠨ ᠠᠵᠤ ᠦᠢᠯᠡᠰ ᠥᠷᠨᠢᠨ ᠬᠥᠭᠵᠢᠵᠦ᠂ ᠠᠪᠠᠭ᠎ᠠ ᠬᠤᠰᠢᠭᠤ ᠨᠢ ᠬᠤᠰᠢᠭᠤ ᠳᠣᠲᠣᠷᠠᠬᠢ ᠴᠢᠨᠠᠷ ᠰᠠᠶᠢᠲᠠᠢ ᠠᠵᠤ ᠠᠬᠤᠶᠢᠯᠠᠯ ᠤᠨ ᠦᠬᠡᠷ ᠬᠤᠨᠢᠨ ᠮᠢᠬᠠᠨ ᠤ ᠬᠠᠩᠭᠠᠯᠭ᠎ᠠ ᠶᠢᠨ ᠳᠠᠪᠠᠭᠤᠯᠢᠭ ᠲᠤ ᠭᠦᠢᠴᠡᠳ ᠲᠦᠰᠢᠭᠯᠡᠨ᠂ ᠲᠡᠷᠢᠭᠦᠨ ᠤ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠮᠠᠯ ᠠᠵᠤ ᠠᠬᠤᠢ ᠶᠢᠨ ᠠᠵᠤ ᠦᠢᠯᠡᠰ ᠤᠨ ᠤᠷᠤᠰᠬᠠᠯ ᠲᠡᠰᠢ  ᠬᠡᠯᠬᠢᠶᠠᠵᠢᠯ ᠤᠨ ᠤᠷᠲᠤᠳᠬᠠᠬᠤ ᠶᠢ ᠴᠢᠷᠮᠠᠶᠢᠨ ᠠᠬᠢᠭᠤᠯᠵᠤ ᠪᠤᠯᠤᠨ᠎ᠠ ᠬᠡᠪᠠ᠃      ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠴᠧᠨ ᠵᠢᠶᠠᠨ ᠵᠢᠶᠦ᠋ᠨ᠂ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠷᠳᠡᠨᠢ ᠢᠳᠡᠭᠡᠨ ᠤ ᠬᠢᠵᠠᠭᠠᠷᠲᠤ ᠺᠣᠮᠫᠠᠨᠢ᠂ ᠯᠦᠩ ᠵᠢᠩ ᠹᠯᠣᠷ ᠤᠨ ᠬᠢᠮᠢ ᠶᠢᠨ ᠠᠵᠤ ᠦᠢᠯᠡᠳᠪᠤᠷᠢ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠳᠠ ᠬᠢᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号