ᠪᠠᠶᠠᠨᠲᠤᠬ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠴᠠᠭ ᠲᠤᠬᠠᠢ ᠳᠤᠨᠢ ᠭᠠᠯ ᠤᠡᠳᠠᠷᠠᠭᠠᠵᠤ᠂ ᠤᠯᠠᠨ ᠲᠦᠮᠡᠨ ᠢ ᠬᠤᠬᠢᠷᠠᠯ ᠠᠴᠠ ᠠᠪᠤᠷᠠᠪᠠ
ᠨᠡᠶᠢᠲᠡᠯᠡᠭᠰᠡᠨ ᠴᠠᠭ᠄
2024/3/26
     ᠪᠠᠶᠠᠨᠲᠤᠭ ᠬᠢᠯᠢ ᠶᠢᠨ ᠲᠣᠮᠢᠯᠠᠭᠰᠠᠨ ᠰᠠᠯᠪᠤᠷᠢ ᠨᠢ 312 ᠰᠢᠶᠠᠩ ᠤᠨ ᠵᠠᠮ ᠤᠨ 65 ᠺᠢᠯᠣᠮᠧᠲᠷ ᠤᠨ ᠭᠠᠵᠠᠷ ᠲᠤ ᠨᠢᠭᠡ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠤ ᠲᠤᠭᠤᠢ ᠨᠢ ᠰᠢᠳᠠᠵᠤ᠂ ᠭᠠᠯ ᠭᠠᠷᠤᠭᠰᠡᠨ ᠬᠡᠷᠡᠭ ᠮᠠᠳᠡᠬᠦᠯᠤᠯᠳᠠ ᠢ ᠲᠤᠰᠪᠠ᠃      ᠭᠠᠯ ᠤᠨ ᠪᠠᠶᠢᠳᠠᠯ ᠤᠨ ᠮᠡᠳᠡᠭᠳᠡᠯ ᠢ ᠣᠯᠤᠭᠰᠠᠨ ᠤ ᠳᠠᠷᠠᠭ᠎ᠠ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠡᠷᠡ ᠳᠠᠷᠤᠶ ᠳᠤᠨᠢ ᠰᠤᠮᠤᠨ ᠤ ᠵᠠᠰᠠᠭ ᠤᠨ ᠣᠷᠳᠣᠨ ᠤ ᠠᠵᠢᠯᠲᠠᠨ᠂ ᠰᠤᠮᠤᠨ ᠤ ᠭᠠᠯ ᠤᠨᠲᠠᠷᠠᠭᠠᠬᠤ ᠠᠩᠭᠢ ᠲᠠᠢ ᠬᠠᠮᠲᠤ ᠲᠠᠷᠤᠶᠢᠬᠠᠨ ᠲᠤᠬᠠᠶ ᠶᠢᠨ ᠲᠠᠯᠠᠪᠤᠷ ᠲᠤ ᠬᠦᠷᠪᠡ᠃ ᠲᠤᠬᠠᠶ ᠶᠢᠨ ᠲᠠᠯᠠᠪᠤᠷ ᠲᠤ ᠬᠦᠷᠪᠡᠯ ᠬᠠᠷ᠎ᠠ ᠤᠳᠤᠭ᠎ᠠ ᠪᠠᠭᠠᠬᠢᠵᠤ᠂ ᠭᠠᠯ ᠭᠠᠷᠴᠦ᠂ ᠭᠠᠯ ᠤᠨ ᠪᠠᠶᠢᠳᠠᠯ ᠦᠷᠬᠡᠵᠢᠪᠡᠯ᠂ ᠡᠷᠬᠢᠨ ᠲᠤᠭᠤᠷᠢᠨ ᠤ ᠡᠪᠡᠰᠤ ᠪᠠᠯᠴᠢᠬᠡᠷ ᠎ ᠲᠤ ᠵᠤᠯᠭᠠᠵᠤ᠂ ᠦᠷ᠎ᠠ ᠳ᠋ᠦᠡᠭ ᠨᠢ ᠲᠦᠢᠯ ᠤᠨ ᠬᠦᠡᠳᠤ ᠨᠤᠴᠢᠳᠡᠢ ᠪᠠᠶᠢᠳᠠᠯ ᠳᠤ ᠬᠦᠷᠬᠦ ᠪᠤᠯᠤᠨ᠎ᠠ᠃ ᠲᠤᠬᠠᠢ ᠶᠢᠨ ᠲᠠᠯᠠᠪᠠᠢ ᠳᠤ ᠬᠦᠷᠦᠭᠰᠡᠨ ᠠᠷᠡᠳ ᠤᠨ ᠴᠠᠭᠳᠠᠭ᠎ᠠ ᠲᠠᠷᠤᠶᠢᠬᠠᠨ ᠭᠠᠯ ᠣᠨᠲᠠᠷᠠᠭᠠᠵᠤ᠂ ᠠᠷᠪᠠᠨ ᠬᠡᠳᠤᠨ ᠮᠢᠨᠦ᠋ᠲ ᠶᠢᠨ ᠪᠠᠴᠢᠮ ᠠᠪᠤᠷᠠᠯᠳᠠ ᠢᠶᠠᠷ ᠲᠠᠮᠵᠢᠨ ᠢᠯᠠ ᠭᠠᠯ ᠢ ᠨᠢᠬᠡᠨᠳᠡ ᠤᠡᠳᠠᠷᠠᠭᠠᠵᠤ᠂ ᠲᠠᠷᠠᠭ᠎ᠠ ᠨᠢ ᠲᠡᠬᠢᠨ ᠨᠤᠴᠤᠬᠤ ᠰᠡᠵᠢᠭᠳᠡᠢ ᠴᠡᠭ ᠲᠤ ᠨᠠᠷᠢᠨ ᠨᠢᠮᠪᠠᠢ ᠪᠠᠶᠢᠴᠠᠭᠠᠯᠳᠠ ᠬᠢᠵᠤ᠂ ᠭᠠᠯ ᠤᠨ ᠠᠶᠤᠯ ᠢ ᠰᠡᠷᠬᠡᠶᠢᠯᠡᠨ᠂ ᠤᠯᠠᠨ ᠲᠦᠮᠡᠨ ᠤ ᠡᠳ᠋ ᠬᠦᠷᠤᠩᠬᠡ ᠶᠢᠨ ᠠᠮᠤᠷ ᠲᠦᠪᠰᠢᠨ ᠢ ᠴᠠᠭ ᠲᠤᠬᠠᠢ ᠳᠤᠨᠢ ᠬᠠᠮᠠᠭᠠᠯᠠᠪᠠ᠃      ᠪᠠᠶᠢᠴᠠᠭᠠᠯᠳᠠ ᠢᠶᠠᠷ ᠲᠠᠮᠵᠢᠨ ᠲᠤᠰ ᠲᠡᠷᠬᠡᠨ ᠤ ᠲᠤᠭᠤᠢ ᠨᠢ ᠬᠠᠭᠠᠷᠠᠭᠰᠡᠨ ᠠᠴᠠ ᠪᠤᠯᠵᠤ ᠭᠠᠯ ᠡᠬᠦᠰᠦᠭᠰᠡᠨ ᠎ ᠢ ᠵᠢᠯᠤᠭᠤᠴᠢ ᠠᠴᠠ ᠴᠠᠭ ᠲᠤᠬᠠᠢ ᠳᠤᠨᠢ ᠰᠠᠷᠠᠵᠤ ᠮᠡᠳᠡᠭᠰᠡᠨ ᠦᠬᠡᠢ ᠠᠴᠠ ᠪᠤᠯᠵᠤ ᠭᠠᠯ ᠨᠤᠴᠤᠭᠰᠡᠨ ᠪᠠᠶᠢᠨ᠎ᠠ᠃ ᠲᠤᠮᠢᠯᠠᠭᠰᠡᠨ ᠰᠠᠯᠪᠤᠷᠢ ᠶᠢᠨ ᠴᠠᠭᠳᠠᠭ᠎ᠠ ᠨᠢ ᠴᠠᠭ ᠲᠤᠬᠠᠢ ᠳᠤᠨᠢ ᠪᠦᠳᠤᠮᠵᠢᠳᠡᠢ ᠠᠷᠭ᠎ᠠ ᠬᠡᠮᠵᠢᠶ᠎ᠠ ᠠᠪᠴᠤ ᠭᠠᠯ ᠤᠨ ᠪᠠᠶᠢᠳᠠᠯ ᠢ ᠴᠠᠭ ᠲᠤᠬᠠᠢ ᠳᠤᠨᠢ ᠡᠵᠡᠮᠳᠠᠵᠤ ᠲᠠᠶᠢᠯᠦᠭᠰᠡᠨ ᠪᠤᠯᠬᠤᠷ ᠬᠦᠡᠳᠤ ᠶᠡᠭᠡ ᠬᠤᠬᠢᠷᠡᠯ ᠳᠤ ᠬᠦᠷᠦᠭᠰᠡᠨ ᠦᠬᠡᠢ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号