3 ᠰᠠᠷ᠎ᠠ ᠶᠢᠨ 23 ᠤ ᠡᠳᠤᠷ ᠪᠠᠶᠠᠡᠳᠤᠭ ᠰᠤᠮᠤᠨ ᠤ ᠪᠠᠶᠠᠡᠳᠦ᠋ᠬᠦᠮ ᠭᠠᠴᠠᠭᠠᠨ ᠤ ᠮᠠᠯᠴᠢᠳ ᠭᠠᠴᠠᠭᠠᠨ | ᠠᠴᠠ ᠦᠭᠴᠤ ᠪᠠᠶᠢᠭ᠎ᠠ ᠦᠬᠡᠷ ᠲᠡᠵᠢᠬᠡᠬᠦ ᠳᠤ ᠬᠡᠷᠡᠭᠰᠡᠬᠦ ᠲᠤᠨᠤᠭ ᠲᠦᠬᠦᠬᠡᠷᠤᠮᠵᠢ ᠪᠠᠨ ᠲᠡᠬᠡᠬᠡᠨ᠂ ᠬᠦᠮᠤᠨ ᠪᠦᠬᠦᠨ | ᠤ ᠴᠢᠷᠠᠢ ᠳᠤ ᠪᠠᠶᠠᠷ ᠤᠨ ᠮᠦᠰᠢᠶᠠᠳᠤ ᠲᠤᠳᠤᠷᠠᠩᠬᠠᠨ ᠪᠠᠶᠢᠯ᠎ᠠ᠃ ᠪᠠᠶᠠᠡᠳᠤᠭ ᠰᠤᠮᠤᠨ ᠤ ᠪᠠᠶᠠᠡᠳᠦ᠋ᠬᠦᠮ ᠭᠠᠴᠠᠭ᠎ᠠ | ᠨᠢ ᠬᠠᠮᠳᠤ ᠶᠢᠨ ᠠᠵᠤ ᠠᠬᠤᠢ ᠶᠢᠨ ᠤᠷᠤᠯᠭ᠎ᠠ ᠠᠴᠠ ᠪᠠᠨ 60 ᠲᠦᠮᠡᠨ ᠲᠦᠬᠦᠷᠢᠭ ᠭᠠᠷᠭᠠᠵᠤ᠂ 119 ᠮᠠᠯᠵᠢᠬᠤ | ᠡᠷᠤᠬᠡ ᠳᠤ ᠦᠬᠡᠷ ᠬᠠᠰᠢᠬᠤ ᠵᠢᠶᠠᠰᠠ᠂ ᠲᠡᠬᠡᠬᠡᠵᠤ ᠪᠠᠭᠤᠯᠭᠠᠬᠤ ᠲᠠᠶᠢᠰᠠ᠂ ᠠᠷᠭᠠᠯ ᠤᠨ ᠬᠤᠷᠤᠭ᠎ᠠ ᠵᠡᠷᠬᠡ ᠦᠬᠡᠷ | ᠲᠡᠵᠢᠬᠡᠬᠦ ᠳᠤ ᠬᠡᠷᠡᠭᠯᠡᠬᠦ ᠰᠠᠭᠤᠷᠢ ᠲᠦᠬᠦᠬᠡᠷᠤᠮᠵᠢ ᠬᠤᠳᠠᠯᠳᠤᠨ ᠠᠪᠴᠤ ᠦᠭᠬᠦᠨ᠂ ᠮᠠᠯᠴᠢᠨ ᠲᠦᠮᠡᠨ ᠳᠤ ᠨᠠᠩ | ᠲᠠᠭᠠᠯᠠᠮᠵᠢᠳᠡᠢ ᠤᠷᠤᠨ ᠰᠠᠭᠤᠴᠠ ᠶᠢᠨ ᠨᠦᠬᠦᠴᠠᠯ ᠢ ᠪᠦᠷᠢᠯᠳᠤᠬᠦᠯᠤᠨ᠂ ᠮᠠᠯᠵᠢᠬᠤ ᠤᠷᠤᠨ ᠤ ᠤᠷᠤᠰᠢᠨ | ᠰᠠᠭᠤᠷᠢᠰᠢᠬᠤ ᠳᠤ ᠨᠠᠩ ᠴᠠᠪᠡᠷ ᠲᠤᠬᠢᠯᠢᠭ ᠤᠷᠴᠢᠨ ᠢ ᠬᠠᠩᠭᠠᠬᠤ ᠶᠢ ᠵᠤᠷᠢᠭᠰᠡᠨ ᠨᠢ ᠡᠨ᠋ᠨ ᠪᠠᠶᠢᠵᠠᠢ᠃ | ︽ᠭᠠᠴᠠᠭᠠᠨ ᠠᠴᠠ ᠪᠡᠯᠡ ᠮᠦᠩᠬᠦ ᠭᠠᠷᠭᠠᠵᠤ ᠪᠢᠳᠠᠨ ᠳᠤ ᠦᠬᠡᠷ ᠲᠡᠵᠢᠬᠡᠬᠦ ᠳᠤ ᠬᠡᠷᠡᠭᠯᠡᠬᠦ ᠲᠤᠨᠤᠭ | ᠲᠦᠬᠦᠬᠡᠷᠤᠮᠵᠢ ᠦᠭᠬᠦᠭᠰᠡᠨ ᠳᠤ ᠮᠠᠰᠢ ᠪᠠᠶᠠᠷᠯᠠᠵᠤ ᠪᠠᠶᠢᠨ᠎ᠠ᠃ ᠮᠦᠡᠴᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ | ᠬᠦᠨ ᠮᠡᠳᠡᠷᠡᠭᠰᠡᠨ ᠮᠦᠷᠳᠡᠬᠡᠨ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠬᠦᠭᠵᠢᠯᠳᠠ ᠠᠴᠠ ᠪᠢᠳᠠᠨ ᠳᠤ | ᠤᠯᠭᠤᠭᠰᠡᠨ ᠠᠰᠢᠭ ᠢ ᠬᠦᠷᠳᠡᠭᠰᠡᠨ ᠳᠤ ᠪᠠᠨ ᠪᠠᠶᠠᠷᠯᠠᠵᠤ ᠪᠠᠶᠢᠨ᠎ᠠ︾ ᠬᠡᠵᠤ ᠮᠠᠯᠴᠢᠳ ᠲᠠᠭᠤ ᠨᠢᠬᠡᠳᠡᠢ | ᠢᠯᠡᠷᠬᠡᠶᠢᠯᠡᠵᠡᠬᠡᠨᠠ᠃ | ᠦᠢᠷ᠎ᠠ ᠶᠢᠨ ᠵᠢᠯ ᠤᠳ ᠲᠤ᠂ ᠪᠠᠶᠠᠡᠳᠦ᠋ᠬᠦᠮ ᠭᠠᠴᠠᠭ᠎ᠠ ᠨᠠᠮ ᠤᠨ ᠪᠠᠶᠢᠭᠤᠯᠤᠯᠳᠠ ᠪᠠᠷ ᠬᠦᠳᠤᠯᠤᠨ | ᠲᠠᠭᠠᠭᠤᠯᠬᠤ ᠶᠢ ᠪᠠᠷᠢᠮᠳᠠᠯᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠭᠰᠡᠨ ᠦᠷ᠎ᠠ ᠪᠦᠳᠤᠬᠡᠯ ᠢ | ᠪᠠᠬᠢᠵᠢᠬᠦᠯᠤᠨ ᠦᠷᠬᠡᠳᠬᠡᠬᠦ ᠶᠢ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠯᠤᠭ᠎ᠠ ᠪᠦᠳᠤᠮᠵᠢᠳᠡᠢ | ᠵᠤᠯᠭᠠᠭᠤᠯᠬᠤ ᠵᠠᠩᠬᠢᠯᠠᠭ᠎ᠠ ᠶᠢᠨ ᠴᠠᠭ ᠦᠶ᠎ᠠ ᠳᠤ᠂ ᠤᠯᠠᠨ ᠤ ᠤᠬᠠᠭᠠᠨ ᠬᠠᠮᠳᠤ ᠶᠢᠨ ᠬᠦᠴᠤᠨ ᠳᠤ ᠲᠦᠰᠢᠭᠯᠡᠨ᠂ | ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠠᠵᠢᠯ ᠤᠨ ᠲᠤᠮᠳᠠ᠂ ᠰᠢᠨ᠎ᠠ ᠶᠢ ᠡᠬᠦᠳᠬᠦ ᠬᠦᠭᠵᠢᠯᠳᠠ ᠶᠢᠨ ᠰᠢᠨ᠎ᠠ | ᠵᠠᠮ ᠢ ᠢᠳᠡᠪᠬᠢᠳᠡᠢ ᠪᠠᠷ ᠰᠦᠪᠡᠭᠴᠢᠯᠡᠵᠤ᠂ ᠭᠠᠴᠠᠭᠠᠨ ᠤ 50 ᠦᠬᠡᠷ ᠬᠢᠬᠡᠳ 2 ᠲᠦᠮᠨ 6000 ᠮᠤ᠋ ᠬᠠᠮᠳᠤ | ᠶᠢᠨ ᠨᠤᠳᠤᠭ ᠪᠠᠯᠴᠢᠬᠡᠷ ᠢ ᠠᠵᠤ ᠠᠬᠤᠶᠢᠯᠠᠯ ᠳᠤ ᠲᠦᠷᠢᠶᠠᠰᠤᠯᠠᠨ ᠦᠭᠬᠦ ᠶᠢᠨ ᠬᠠᠮᠳᠤ᠂ ᠲᠤᠰ ᠠᠵᠤ ᠠᠬᠤᠶᠢᠯᠡᠯ | ᠳᠤ ᠨᠠᠶᠢᠳᠠᠵᠤ᠂ 2 ᠲᠦᠮᠨ 6000 ᠮᠤ᠋ ᠬᠠᠮᠳᠤ ᠶᠢᠨ ᠨᠤᠳᠤᠭ ᠪᠠᠯᠴᠢᠬᠡᠷ ᠢ ᠲᠤᠤᠷᠯᠠᠨ ᠪᠢᠳᠠᠬᠦᠮᠵᠢᠯᠡᠭᠰᠡᠨ | ᠮᠦᠷᠳᠡᠬᠡᠨ 500 ᠬᠠᠪᠳᠠᠭᠠᠢ ᠲᠦᠷᠪᠡᠯᠵᠢᠨ ᠮᠧᠲᠷ ᠤᠨ ᠲᠤᠯᠠᠭᠠᠨ ᠫᠸᠡᠭ ᠰᠢᠨ᠎ᠠ ᠪᠠᠷ ᠪᠠᠶᠢᠭᠤᠯᠪᠠ᠃ ᠡᠶᠢᠡᠬᠦ | ᠭᠠᠴᠠᠭᠠᠨ ᠤ ᠬᠠᠮᠳᠤ ᠶᠢᠨ ᠠᠵᠤ ᠠᠬᠤᠢ ᠶᠢᠨ ᠤᠷᠤᠯᠭ᠎ᠠ 100 ᠲᠦᠮᠡᠨ ᠲᠦᠬᠦᠷᠢᠭ ᠲᠤ ᠬᠦᠷᠦᠭᠰᠡᠨ ᠪᠠᠶᠢᠨ᠎ᠠ᠃ | ᠭᠠᠴᠠᠭᠠᠨ ᠤ ᠬᠠᠮᠳᠤ ᠶᠢᠨ ᠠᠵᠤ ᠠᠬᠤᠢ ᠶᠢᠨ ᠪᠤᠵᠠᠭᠠᠶᠢᠷᠠᠯ ᠨᠢ ᠭᠠᠴᠭᠠᠠᠨ ᠤ ︽ᠬᠤᠶᠡᠷ ᠵᠦᠪᠯᠡᠯ︾ ᠤᠨ ᠤᠨ | ᠤᠳᠤᠷᠢᠳᠬᠤ ᠪᠠᠭ ᠤᠨ ᠠᠷᠡᠳ ᠤᠨ ᠲᠦᠯᠤᠬᠡ ᠪᠤᠳᠡᠳᠡᠢ ᠠᠵᠢᠯ ᠬᠢᠬᠦ ᠳᠤ ᠲᠦᠯᠬᠢᠴᠠ ᠬᠦᠴᠤᠨ ᠪᠤᠯᠵᠤ᠂ ᠮᠠᠯᠴᠢᠨ | ᠲᠦᠮᠡᠨ ᠳᠤ ᠦᠨᠡᠨ ᠪᠤᠳᠠᠳᠡᠢ ᠠᠰᠢᠭ ᠬᠦᠷᠳᠡᠬᠡᠭᠰᠡᠨ ᠪᠠᠶᠢᠨ᠎ᠠ᠃ | ᠡᠬᠦᠨ ᠠᠴᠠ ᠭᠠᠳᠠᠨ᠎ᠠ᠂ ᠮᠠᠯᠴᠢᠳ ᠤᠨ ᠡᠷᠡᠬᠦᠯ ᠮᠠᠡᠳᠤ ᠳᠤ ᠪᠠᠳᠤᠯᠠᠭ᠎ᠠ ᠬᠠᠩᠭᠠᠬᠤ ᠶᠢᠨ ᠲᠦᠯᠤᠬᠡ᠂ | ᠪᠠᠶᠠᠡᠳᠦ᠋ᠬᠦᠮ ᠭᠠᠴᠠᠭ᠎ᠠ ᠪᠠᠰᠠ ᠨᠠᠷᠢᠨ ᠨᠢᠮᠪᠠᠢ ᠤᠬᠠᠭᠠᠯᠠᠨ ᠲᠦᠰᠤᠪᠯᠡᠬᠦ ᠪᠠᠷ ᠲᠠᠮᠵᠢᠨ᠂ 2022 ᠤᠨ ᠠᠴᠠ | ᠡᠬᠢᠯᠡᠨ ᠭᠠᠴᠠᠭᠠᠨ ᠤ ᠮᠠᠯᠴᠢᠳ ᠤᠨ ᠨᠢᠬᠡᠳᠤᠬᠡᠷ ᠵᠢᠯ ᠤᠨ ᠨᠠᠰᠤᠵᠢᠯ ᠤᠨ ᠲᠠᠭᠠᠳᠬᠠᠯ ᠪᠠ ᠬᠤᠷᠰᠢᠭᠰᠡᠨ ᠡᠮᠨᠡᠯᠬᠡ | ᠶᠢᠨ ᠲᠠᠭᠠᠳᠬᠠᠯ ᠢ ᠭᠠᠴᠠᠭᠠᠨ ᠠᠴᠠ ᠤᠷᠤᠯᠠᠨ ᠲᠤᠰᠢᠶᠠᠵᠤ᠂ ᠦᠢᠷ᠎ᠠ ᠶᠢᠨ ᠬᠤᠶᠡᠷ ᠵᠢᠯ ᠳᠤ ᠭᠠᠴᠠᠭᠠᠨ ᠤ ᠬᠠᠮᠳᠤ | ᠶᠢᠨ ᠨᠤᠳᠤᠭ ᠪᠠᠯᠴᠢᠬᠡᠷ ᠢ ᠲᠦᠷᠢᠶᠠᠰᠤᠯᠡᠭᠰᠡᠨ ᠠᠵᠤ ᠠᠬᠤᠶᠢᠯᠡᠯ ᠠᠴᠠ ᠲᠤᠰᠢᠶᠠᠵᠤ ᠦᠭᠬᠦ ᠪᠤᠯᠵᠤ᠂ ᠮᠠᠯᠴᠢᠳ ᠤᠨ | ᠲᠠᠭᠠᠳᠬᠠᠯ ᠳᠤ ᠤᠷᠤᠯᠴᠠᠬᠤ ᠲᠦᠷᠤ ᠶᠢᠨ ᠪᠤᠳᠤᠯᠭ᠎ᠠ ᠶᠢᠨ ᠲᠤᠬᠠᠢ ᠣᠶᠢᠯᠠᠭᠠᠯᠲᠠ᠂ ᠬᠠᠨᠤᠮᠵᠢ ᠶᠢᠨ ᠬᠡᠮᠵᠢᠶ᠎ᠠ ᠶᠢ | ᠲᠡᠬᠡᠭᠰᠢᠯᠡᠬᠦᠯᠬᠦ ᠶᠢᠨ ᠬᠠᠮᠳᠤ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠤᠷᠤᠯᠭ᠎ᠠ ᠶᠢ ᠬᠦᠮᠤᠨ ᠪᠤᠯᠭᠠᠨ ᠬᠠᠮᠳᠤ | ᠪᠠᠷ ᠡᠳ᠋ᠯᠡᠬᠦ ᠶᠢ ᠠᠬᠢᠭᠤᠯᠪᠠ᠃ | ᠭᠠᠴᠠᠭᠠᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠤᠨ ᠪᠤᠵᠠᠭᠠᠶᠢᠷᠠᠭᠤᠯᠬᠤ ᠪᠤᠯ ᠮᠠᠯ ᠠᠵᠤ ᠠᠬᠤᠢ ᠶᠢ | ᠬᠦᠴᠤᠷᠬᠡᠭᠵᠢᠬᠦᠯᠵᠤ᠂ ᠮᠠᠯᠴᠢᠳ ᠢ ᠪᠠᠶᠠᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠠ ᠪᠤᠯᠤᠨ᠎ᠠ᠃ ᠪᠡᠶᠠᠡᠳᠦ᠋ᠬᠦᠮ | ᠭᠠᠴᠠᠭ᠎ᠠ ᠨᠢ ᠲᠤᠮᠳᠠᠳᠤ ᠶᠢᠨ ᠦᠡᠳᠤᠰᠤᠳᠠᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠡᠯ᠎ᠠ | ᠵᠥᠢᠯ ᠤᠨ ᠠᠵᠢᠯ ᠤᠨ ᠭᠤᠤᠯ ᠰᠢᠵᠢᠮ ᠪᠤᠯᠭᠠᠵᠤ᠂ ᠭᠠᠴᠭᠠᠨ ᠤ ᠬᠠᠮᠳᠤ ᠶᠢᠨ ᠠᠵᠤ ᠠᠬᠤᠢ ᠶᠢᠨ ᠬᠡᠪᠴᠢᠶ᠎ᠠ ᠶᠢ | ᠦᠷᠬᠡᠳᠬᠡᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠰᠢᠨ᠎ᠠ ᠪᠠᠶᠢᠳᠠᠯ ᠢ ᠴᠢᠷᠮᠠᠶᠢᠨ ᠡᠬᠦᠳᠬᠦ ᠶᠢᠨ | ᠬᠠᠮᠳᠤ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠤᠷᠤᠯᠭ᠎ᠠ ᠶᠢᠨ ᠠᠰᠢᠭ ᠲᠤᠰᠠ ᠶᠢ ᠭᠠᠴᠠᠭᠠᠨ ᠤ ᠪᠦᠬᠦ | ᠮᠠᠯᠴᠢᠳ ᠲᠤ ᠬᠦᠷᠳᠡᠬᠡᠵᠤ ᠲᠠᠳᠠᠨ ᠤ ᠠᠮᠢᠳᠤᠷᠡᠯ ᠤᠨ ᠲᠠᠷᠤᠭᠠᠰᠤ ᠶᠢ ᠬᠦᠩᠬᠡᠯᠡᠨ᠂ ᠪᠤᠳᠠᠳᠤ ᠦᠷ᠎ᠠ ᠪᠦᠳᠤᠮᠵᠢ | ᠪᠠᠷ ᠢᠶᠠᠨ ᠮᠠᠯᠴᠢᠳ ᠤᠨ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠲᠡᠬᠡᠭᠰᠢᠯᠡᠬᠦᠯᠵᠤ᠂ ᠪᠠᠶᠠᠡᠳᠤᠭ ᠰᠤᠮᠤᠨ ᠤ ᠠᠵᠤ ᠠᠬᠤᠢ ᠶᠢᠨ ᠬᠦᠭᠵᠢᠯᠳᠠ᠂ ᠦᠡᠳᠤᠰᠤᠳᠠᠨ ᠤ | ᠪᠦᠯᠬᠦᠮᠳᠠᠯ᠂ ᠨᠠᠶᠢᠬᠡᠮ ᠤᠨ ᠲᠤᠭᠳᠠᠭᠤᠨ᠂ ᠬᠢᠯᠢ ᠬᠢᠵᠠᠭᠠᠷ ᠠᠮᠤᠷ ᠲᠤᠭᠳᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ | ᠢ ᠦᠷᠬᠦᠯᠵᠢᠯᠡᠨ ᠪᠠᠬᠢᠵᠢᠬᠦᠯᠵᠤ ᠪᠠᠶᠢᠨ᠎ᠠ᠃ |