ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠳ ᠢ ᠱᠠᠩᠨᠠᠨ ᠬᠦᠬᠢᠭᠦᠯᠬᠦ ᠲᠤᠬᠠᠶ ᠠᠪᠠᠭ᠎ᠠ ᠬᠤᠰᠢᠭᠤᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/27
     ᠥᠷᠭᠡᠨ ᠣᠯᠠᠨ ᠠᠷᠠᠳ ᠲᠦᠮᠡᠨ ᠤ ᠭᠠᠵᠢᠭᠤ ᠨᠣᠮᠯᠠᠯ ᠢ ᠡᠰᠡᠷᠭᠦᠴᠡᠬᠦ ᠲᠡᠮᠡᠴᠡᠯ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠭᠠᠵᠢᠭᠤ ᠨᠣᠮᠯᠠᠯ ᠦᠭᠡᠢ ᠨᠡᠶᠢᠭᠡᠮ ᠢ ᠬᠠᠮᠲᠤ ᠪᠠᠷ ᠪᠠᠶᠢᠭᠤᠯᠤᠨ᠂ ᠬᠠᠮᠲᠤ ᠪᠠᠷ ᠡᠳ᠋ᠯᠡᠬᠦ ᠴᠢᠬᠤᠯᠠ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠠᠭ ᠲᠤᠬᠠᠶ ᠳᠤᠨᠢ ᠢᠯᠡᠴᠢᠯᠡᠨ᠂ ᠴᠢᠩᠭ᠎ᠠ ᠴᠣᠬᠢᠯᠲᠠ ᠥᠭᠬᠦ ᠶᠢᠨ ᠲᠤᠰᠠᠳᠠ᠂ ᠤᠳᠤ ᠨᠡᠶᠢᠭᠡᠮ ᠨᠡᠶᠢᠲᠡ ᠠᠴᠠ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡ ᠪᠠᠷ ᠴᠤᠭᠯᠠᠭᠤᠯᠬᠤ ᠶᠢᠨ ᠬᠠᠮᠲᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠬᠥᠮᠦᠰ ᠢ ᠱᠠᠩᠨᠠᠨ ᠬᠦᠭᠢᠭᠦᠯᠦᠨ᠎ᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠨ ᠨᠡᠶᠢᠲᠡᠯᠡᠶ᠎ᠡ᠄     ᠨᠢᠭᠡ᠂ ᠢᠯᠡᠴᠢᠯᠡᠨ ᠮᠡᠳᠡᠭᠦᠯᠬᠦ ᠠᠭᠤᠯᠭ᠎ᠠ      1. ᠱᠠᠰᠢᠨ ᠰᠢᠲᠦᠭᠴᠢ ᠲᠣᠭᠲᠠᠭᠰᠠᠨ ᠭᠠᠵᠠᠷ ᠲᠤ ᠱᠠᠰᠢᠨ ᠰᠤᠷᠲᠠᠬᠤᠨ ᠤ ᠠᠵᠢᠯᠯᠠᠭ᠎ᠠ ᠬᠢᠬᠦ ᠦᠭᠡᠢ᠂ ᠡᠰᠡᠬᠦᠯ᠎ᠡ ᠦᠷᠭᠦᠯᠵᠢ ᠨᠢᠭᠤᠴᠠ ᠴᠤᠭᠯᠠᠭᠠᠨ ᠬᠢᠬᠦ᠂ ᠪᠣᠯᠪᠠᠰᠤᠷᠠᠯ ᠵᠣᠬᠢᠶᠠᠨ ᠪᠠᠶᠢᠭᠤᠯᠬᠤ᠂ ᠡᠰᠡᠬᠦᠯ᠎ᠡ ᠱᠠᠰᠢᠨ ᠰᠤᠷᠲᠠᠬᠤᠨ ᠤ  ᠲᠤᠭᠲᠠᠭᠰᠠᠨ ᠭᠠᠵᠠᠷ ᠲᠤ ᠬᠦᠷᠴᠦ ᠤᠯᠠᠨ ᠲᠦᠮᠡᠨ ᠢ ᠲᠠᠲᠠᠵᠤ ᠭᠠᠵᠢᠭᠤ ᠨᠣᠮᠯᠠᠯ ᠰᠢᠳᠦᠭᠦᠯᠦᠭᠰᠡᠳ ᠢ ᠢᠯᠡᠴᠢᠯᠡᠨ ᠮᠡᠳᠡᠭᠦᠯᠦᠨ᠎ᠡ᠃      2. ᠴᠢᠬᠤᠯᠠ ᠶᠡᠭᠡ ᠤᠯᠠᠨ ᠨᠡᠶᠢᠳᠡ ᠶᠢᠨ ᠲᠠᠯᠠᠪᠤᠷ᠂ ᠬᠢᠨᠠᠨ ᠬᠠᠮᠢᠶᠠᠷᠤᠯᠲᠠ ᠶᠢᠨ ᠲᠠᠯᠠᠪᠤᠷ ᠪᠤᠶᠤ ᠤᠯᠤᠰ ᠤᠨ ᠴᠢᠬᠤᠯᠠ ᠶᠡᠭᠡ ᠪᠠᠶᠠᠷ ᠳᠤᠷᠠᠰᠬᠠᠯ ᠤᠨ ᠡᠳᠤᠷ᠂ ᠴᠢᠬᠤᠯᠠ ᠶᠡᠭᠡ ᠠᠵᠢᠯᠯᠠᠭᠠᠨ ᠤ ᠬᠤᠭᠤᠴᠠᠭᠠᠨ ᠳᠤ ᠲᠦᠪᠯᠡᠷᠡᠵᠦ ᠤᠴᠢᠷ ᠡᠬᠦᠰᠴᠤ᠂ ᠭᠠᠵᠢᠭᠤ ᠨᠤᠮᠯᠠᠯ ᠤᠨ ᠠᠵᠢᠯᠯᠠᠭ᠎ᠠ ᠶᠢ ᠢᠯᠠ ᠪᠠᠷ ᠶᠠᠪᠤᠭᠤᠯᠤᠭᠰᠠᠳ ᠢ ᠢᠯᠡᠴᠢᠯᠡᠨ ᠮᠡᠳᠡᠭᠦᠯᠦᠨ᠎ᠡ᠃      3 ᠴᠢᠮᠡᠭᠡ ᠨᠡᠪᠲᠡᠷᠡᠯᠭᠡ᠂ ᠲᠣᠣᠷ ᠰᠦᠯᠵᠢᠶ᠎ᠡ ᠶᠢ ᠠᠰᠢᠭᠯᠠᠨ ᠭᠠᠵᠢᠭᠤ ᠨᠣᠮᠯᠠᠯ ᠤᠨ ᠬᠢᠴᠢᠶᠡᠯ ᠢ  ᠤᠬᠠᠭᠤᠯᠵᠤ᠂ ᠭᠠᠵᠢᠭᠤ ᠨᠣᠮᠯᠠᠯ ᠤᠨ  ᠡᠯᠧᠺᠲᠷᠤᠨ ᠵᠢᠷᠤᠭ᠂ ᠨᠣᠮ ᠪᠢᠴᠢᠭ᠂ ᠰᠡᠳᠬᠦᠯ᠂ ᠳᠠᠭᠤ ᠸᠢᠳᠢᠤ᠋ ᠶᠢ ᠦᠢᠯᠡᠳᠴᠦ᠂ QQ᠂ ᠸᠢᠴᠠᠲ᠂ ᠴᠤᠤᠷᠢᠶ᠎ᠠ᠂ ᠪᠢᠴᠢᠯ ᠪᠦᠷᠭᠡ ᠵᠡᠷᠭᠡ ᠰᠦᠯᠵᠢᠶᠡᠨ ᠤ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠢᠶᠠᠷ ᠭᠠᠵᠢᠭᠤ ᠨᠣᠮᠯᠠᠯ ᠤᠨ ᠠᠭᠤᠯᠭ᠎ᠠ ᠶᠢ ᠣᠬᠠᠭᠤᠯᠤᠭᠰᠠᠳ ᠢ ᠢᠯᠡᠴᠢᠯᠡᠨ ᠮᠡᠳᠡᠭᠦᠯᠦᠨ᠎ᠡ᠃      4. ᠭᠠᠵᠢᠭᠤ ᠨᠣᠮᠯᠠᠯ ᠤᠨ ᠭᠡᠷᠡᠯ ᠵᠢᠷᠤᠭ᠂ ᠤᠬᠠᠭᠤᠯᠬᠤ ᠬᠠᠭᠤᠳᠠᠰᠤ᠂ ᠤᠷᠢᠶ᠎ᠠ ᠯᠣᠽᠦ᠋ᠩ᠂ ᠰᠣᠨᠢᠨ᠂ ᠨᠣᠮ ᠪᠢᠴᠢᠭ᠂ ᠰᠡᠳᠭᠦᠯ᠂ ᠳᠠᠭᠤ ᠰᠢᠩᠭᠡᠭᠡᠯᠲᠡ ᠶᠢᠨ ᠪᠦᠰᠡ᠂ ᠳᠦᠷᠰᠦ ᠰᠢᠩᠭᠡᠭᠡᠯᠲᠡ ᠶᠢᠨ ᠪᠦᠰᠡ᠂ ᠭᠡᠷᠡᠯ  ᠳ᠋ᠢᠰᠺ᠂ ᠬᠥᠨᠳᠡᠯᠡᠨ ᠪᠢᠴᠢᠭᠡᠰᠦ᠂ ᠲᠡᠮᠳᠡᠭ ᠪᠣᠳᠠᠰ᠂ ᠲᠤᠭ᠂ ᠬᠤᠪᠴᠠᠰᠤ ᠵᠠᠰᠠᠯ᠂ ᠪᠠᠭᠠᠵᠢ ᠬᠡᠷᠡᠭᠰᠡᠯ᠂ ᠳᠤᠷᠠᠰᠬᠠᠯ ᠤᠨ ᠵᠦᠢᠯ ᠵᠡᠷᠭᠡ ᠪᠣᠳᠠᠰ ᠦᠢᠯᠡᠳᠦᠭᠰᠡᠳ ᠢ ᠢᠯᠡᠴᠢᠯᠡᠨ ᠮᠡᠳᠡᠭᠦᠯᠦᠨ᠎ᠡ᠃      5. ᠰᠠᠭᠤᠭᠠᠯᠢ ᠠᠷᠠᠳ ᠤᠨ ᠲᠣᠭᠤᠷᠢᠭ᠂ ᠴᠡᠴᠡᠷᠯᠢᠭ᠂ ᠠᠭᠤᠳᠠᠮ ᠲᠠᠯᠠᠪᠠᠢ᠂ ᠬᠤᠳᠠᠯᠳᠤᠭᠠᠨ ᠤ ᠲᠠᠯᠠᠪᠤᠷ᠂ ᠲᠡᠷᠭᠡᠨ ᠥᠷᠲᠡᠭᠡ ᠵᠡᠷᠭᠡ ᠤᠯᠠᠨ ᠨᠡᠶᠢᠲᠡ ᠶᠢᠨ ᠲᠠᠯᠠᠪᠤᠷ ᠲᠤ ᠲᠠᠭᠤ ᠸᠢᠳᠢᠤ᠋᠂ ᠤᠷᠢᠶ᠎ᠠ ᠬᠠᠰᠬᠢᠷᠬᠤ᠂ ᠬᠢᠴᠢᠶᠡᠯ ᠣᠷᠣᠬᠤ᠂ ᠤᠬᠠᠭᠤᠯᠤᠨ ᠲᠠᠶᠢᠯᠪᠤᠷᠢᠯᠠᠬᠤ ᠭᠠᠵᠢᠭᠤ ᠨᠣᠮᠯᠠᠯ ᠢ ᠢᠯᠡ ᠪᠠᠷ ᠨᠡᠪᠲᠡᠷᠡᠭᠦᠯᠬᠦ᠂ ᠡᠰᠡᠬᠦᠯ᠎ᠡ ᠬᠡᠷᠡᠮ ᠬᠠᠨ᠎ᠠ᠂ ᠮᠣᠳᠣ᠂ ᠤᠲᠠᠰᠤᠨ ᠪᠠᠭᠠᠨ᠎ᠠ ᠳᠡᠭᠡᠷ᠎ᠡ ᠪᠢᠴᠢᠬᠦ᠂ ᠰᠢᠷᠳᠡᠬᠦ᠂ ᠨᠠᠭᠠᠬᠤ᠂ ᠬᠥᠨᠳᠡᠯᠡᠨ ᠪᠢᠴᠢᠭᠡᠰᠦ᠂ ᠡᠯᠭᠦᠬᠦ᠂ ᠤᠷᠢᠶ᠎ᠠ ᠯᠣᠽᠦ᠋ᠩ ᠪᠤᠶᠤ  ᠣᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠡᠳ᠋ ᠪᠣᠳᠠᠰ ᠳᠡᠯᠭᠡᠨ ᠦᠵᠡᠭᠦᠯᠬᠦ ᠵᠡᠷᠭᠡ ᠠᠷᠭ᠎ᠠ ᠬᠡᠯᠪᠡᠷᠢ ᠪᠠᠷ ᠭᠠᠵᠢᠭᠤ ᠨᠣᠮᠯᠠᠯ ᠣᠬᠠᠭᠤᠯᠤᠭᠰᠠᠳ ᠢ ᠢᠯᠡᠴᠢᠯᠡᠨ ᠮᠡᠳᠡᠭᠦᠯᠦᠨ᠎ᠡ᠃      6. ᠰᠤᠷᠭᠠᠭᠤᠯᠢ ᠶᠢᠨ ᠬᠦᠷᠢᠶᠡᠨ ᠳᠤ ᠰᠤᠷᠤᠭᠴᠢᠳ ᠢ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠲᠠᠲᠠᠨ ᠣᠷᠣᠭᠤᠯᠵᠤ᠂ ᠨᠠᠰᠤᠨ ᠳᠤ ᠦᠯᠦ ᠬᠦᠷᠦᠭᠰᠡᠳ ᠲᠤ ᠭᠠᠵᠢᠭᠤ ᠨᠣᠮᠯᠠᠯ ᠢ ᠰᠤᠷᠲᠠᠯᠴᠢᠯᠠᠭᠰᠠᠳ ᠢ ᠢᠯᠡᠴᠢᠯᠡᠨ ᠮᠡᠳᠡᠭᠦᠯᠦᠨ᠎ᠡ᠃      7. ᠲᠦᠷᠦ ᠶᠢᠨ ᠠᠯᠪᠠᠨ ᠠᠵᠢᠯᠲᠠᠳ ᠭᠠᠵᠢᠭᠤ ᠨᠣᠮᠯᠠᠯ ᠤᠨ ᠠᠵᠢᠯᠯᠠᠭ᠎ᠠ ᠳᠤ ᠤᠷᠤᠯᠴᠠᠭᠰᠠᠳ ᠢ ᠢᠯᠡᠴᠢᠯᠡᠨ ᠮᠡᠳᠡᠭᠦᠯᠦᠨ᠎ᠡ᠃      8. ᠭᠠᠵᠢᠭᠤ ᠨᠣᠮᠯᠠᠯ ᠢ ᠵᠣᠬᠢᠶᠠᠨ ᠪᠠᠶᠢᠭᠤᠯᠬᠤ ᠪᠠᠷ ᠳᠠᠮᠵᠢᠨ ᠵᠣᠭᠤᠰ ᠮᠥᠩᠭᠦ ᠡᠳ᠋ ᠬᠥᠷᠥᠩᠭᠡ ᠶᠢ ᠮᠡᠬᠡᠯᠡᠭᠰᠡᠳ ᠢ ᠢᠯᠡᠴᠢᠯᠡᠨ ᠮᠡᠳᠡᠭᠦᠯᠦᠨ᠎ᠡ᠃      9. ᠭᠠᠵᠢᠭᠤ ᠨᠣᠮᠯᠠᠯ ᠳᠤ ᠬᠤᠯᠪᠣᠭᠳᠠᠭᠰᠠᠨ ᠬᠥᠮᠦᠰ ᠤᠳᠤ ᠶᠢᠨ ᠬᠡᠷᠡᠭᠵᠢᠭᠦᠯᠵᠦ ᠪᠠᠶᠢᠭ᠎ᠠ ᠭᠠᠵᠢᠭᠤ ᠨᠣᠮᠯᠠᠯ ᠢ ᠲᠠᠷᠬᠠᠭᠠᠵᠤ᠂ ᠬᠦᠴᠦᠷᠬᠡᠭᠯᠡᠯ᠂ ᠰᠦᠷᠳᠡᠭᠦᠯᠦᠯ ᠵᠢᠴᠢ ᠪᠤᠰᠤᠳ ᠠᠷᠭ᠎ᠠ ᠪᠠᠷᠢᠯ ᠢᠶᠠᠷ ᠪᠤᠰᠤᠳ ᠢ ᠬᠠᠭᠤᠷᠤᠨ ᠮᠡᠬᠡᠯᠡᠵᠦ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠤᠷᠤᠯᠴᠠᠭᠤᠯᠤᠭᠰᠠᠨ ᠪᠤᠶᠤ ᠪᠤᠰᠤᠳ ᠤᠨ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠠᠴᠠ ᠭᠠᠷᠬᠤ ᠶᠢ ᠬᠤᠷᠢᠭᠯᠠᠭᠰᠠᠨ ᠪᠤᠶᠤ ᠢᠯᠠᠩᠭᠤᠶ᠎ᠠ ᠬᠦᠨᠳᠦ ᠶᠡᠭᠡ ᠬᠡᠷᠡᠭ ᠤᠴᠢᠷ ᠤᠨ ᠬᠤᠪᠢᠷᠠᠯᠲᠠ ᠶᠢ ᠠᠰᠢᠭᠯᠠᠨ ᠪᠤᠰᠤᠳ ᠢ ᠭᠠᠵᠢᠭᠤ ᠨᠣᠮᠯᠠᠯ ᠢ ᠰᠢᠳᠦᠭᠦᠯᠦᠭᠰᠡᠳ ᠢ ᠢᠯᠡᠴᠢᠯᠡᠨ ᠮᠡᠳᠡᠭᠦᠯᠦᠨ᠎ᠡ᠃      10. ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢ ᠠᠰᠢᠭᠯᠠᠨ᠂ ᠮᠤᠬᠤᠷ ᠪᠢᠰᠢᠷᠡᠯ ᠤᠨ ᠭᠠᠵᠢᠭᠤ ᠪᠤᠷᠤᠭᠤ ᠶᠠᠷᠢᠶ᠎ᠠ ᠬᠡᠯᠡᠯᠭᠡ ᠲᠠᠷᠬᠠᠭᠠᠬᠤ᠂ ᠥᠳᠦᠭᠡᠬᠦ᠂ ᠠᠶᠤᠯᠭᠠᠨ ᠰᠦᠷᠳᠡᠭᠦᠯᠵᠦ᠂ ᠵᠢᠭᠠᠨ ᠳᠤᠬᠢᠬᠤ ᠪᠤᠶᠤ ᠬᠠᠪᠰᠤᠷᠬᠤ ᠪᠠᠷ ᠳᠠᠮᠵᠢᠨ ᠵᠤᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠪᠤᠶᠤ ᠦᠪᠡᠷ ᠪᠤᠰᠤᠳ ᠤᠨ ᠠᠮᠢ ᠨᠠᠰᠤ ᠶᠢ ᠬᠤᠬᠢᠷᠠᠭᠤᠯᠬᠤ ᠪᠤᠶᠤ ᠰᠢᠷᠬᠠᠳᠤᠭᠤᠯᠤᠭᠰᠠᠳ ᠢ ᠢᠯᠡᠴᠢᠯᠡᠨ ᠮᠡᠳᠡᠭᠦᠯᠦᠨ᠎ᠡ᠃     ᠬᠤᠶᠠᠷ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ      1. ︽110︾ ᠴᠠᠭᠳᠠᠭ᠎ᠠ ᠳᠤ ᠮᠡᠳᠡᠭᠦᠯᠬᠦ ᠤᠲᠠᠰᠤ ᠪᠠᠷ ᠢᠯᠡᠴᠢᠯᠡᠨ ᠮᠡᠳᠡᠭᠦᠯᠬᠦ᠃      2.ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠳᠤ ᠤᠲᠠᠰᠤᠳᠠᠭᠠᠳ ᠢᠯᠡᠴᠢᠯᠡᠨ ᠮᠡᠳᠡᠭᠦᠯᠵᠦ ᠪᠣᠯᠣᠨ᠎ᠠ᠃ ᠢᠯᠡᠴᠢᠯᠡᠨ ᠮᠡᠳᠡᠭᠦᠯᠬᠦ ᠤᠲᠠᠰᠤ᠄      ᠪᠡᠯᠭᠦᠳᠠᠢ ᠲᠣᠮᠢᠯᠠᠭᠰᠠᠨ ᠰᠠᠯᠪᠤᠷᠢ᠄ 2022428      ᠨᠠᠷᠠᠨ ᠬᠢᠯᠢ ᠶᠢᠨ ᠲᠣᠮᠢᠯᠠᠭᠰᠠᠨ ᠰᠠᠯᠪᠤᠷᠢ᠄ 2301100      ᠴᠡᠩᠬᠡᠯ ᠬᠢᠯᠢ ᠶᠢᠨ ᠲᠣᠮᠢᠯᠠᠭᠰᠠᠨ ᠰᠠᠯᠪᠤᠷᠢ᠄ 2301007      ᠪᠠᠶᠠᠨᠲᠤᠭ ᠬᠢᠯᠢ ᠶᠢᠨ ᠲᠣᠮᠢᠯᠠᠭᠰᠠᠨ ᠰᠠᠯᠪᠤᠷᠢ᠄ 230810      ᠵᠢᠷᠭᠠᠯᠠᠩᠲᠤ ᠬᠢᠯᠢ ᠶᠢᠨ ᠲᠣᠮᠢᠯᠠᠭᠰᠠᠨ ᠰᠠᠯᠪᠤᠷᠢ᠄ 2300611      ᠶᠡᠬᠡᠭᠤᠣᠯ ᠬᠢᠯᠢ ᠶᠢᠨ ᠲᠣᠮᠢᠯᠠᠭᠰᠠᠨ ᠰᠠᠯᠪᠤᠷᠢ᠄ 2317013      ᠭᠤᠷᠪᠠ᠂ ᠱᠠᠩᠨᠠᠬᠤ ᠪᠠᠷᠢᠮᠵᠢᠶ᠎ᠠ      ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠢᠨᠠᠨ ᠪᠠᠶᠢᠴᠠᠭᠠᠭᠰᠠᠨ ᠤ ᠳᠠᠷᠠᠭ᠎ᠠ ᠦᠨᠡᠨ ᠪᠣᠳᠠᠲᠠᠶ ᠪᠠᠶᠢᠪᠠᠯ᠂ ᠰᠦᠪᠡᠭᠴᠢ ᠶᠢᠨ ᠤᠶᠢᠯᠡᠳᠦᠯ ᠤᠨ ᠶᠡᠭᠡ ᠪᠠᠭ᠎ᠠ ᠶᠢ ᠦᠨᠳᠦᠰᠦᠯᠡᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ 500᠎ ᠠᠴᠠ 1000 ᠲᠥᠭᠦᠷᠢᠭ ᠤᠨ ᠱᠠᠩᠨᠠᠯ ᠣᠯᠭᠤᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠦᠨᠳᠦ ᠶᠡᠭᠡ ᠬᠡᠷᠡᠭ ᠢ ᠢᠯᠡᠷᠡᠭᠦᠯᠬᠦ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠪᠠᠶᠢᠪᠠᠯ᠂ ᠪᠠᠶᠢᠳᠠᠯ ᠢ ᠨᠢ ᠦᠵᠡᠵᠦ ᠪᠠᠶᠢᠭᠠᠳ ᠨᠠᠩ ᠥᠨᠳᠥᠷ ᠱᠠᠩᠨᠠᠯ ᠣᠯᠭᠤᠨ᠎ᠠ᠃      ᠳᠥᠷᠪᠡ᠂ ᠠᠩᠬᠠᠷᠬᠤ ᠵᠦᠢᠯ      1. ᠢᠯᠡᠴᠢᠯᠡᠨ ᠮᠡᠳᠡᠭᠦᠯᠦᠭᠴᠢ ᠨᠢᠭᠤᠷᠳᠠᠨ ᠱᠠᠩᠨᠠᠯ ᠤᠨ ᠮᠥᠩᠭᠦ ᠠᠪᠤᠭᠰᠠᠨ ᠪᠠᠶᠢᠪᠠᠯ᠂ ᠬᠦᠴᠦᠨ ᠪᠦᠬᠦᠢ ᠪᠡᠶ᠎ᠡ ᠶᠢᠨ ᠦᠨᠡᠮᠯᠡᠯ ᠬᠠᠩᠭᠠᠬᠤ ᠶᠢᠨ ᠬᠠᠮᠲᠤ ᠰᠦᠪᠡᠭᠴᠢ ᠶᠢᠨ ᠠᠭᠤᠯᠭ᠎ᠠ ᠶᠢ ᠲᠣᠪᠴᠢ ᠲᠣᠭᠠᠴᠢᠨ᠎ᠠ᠃      2. ᠢᠯᠡᠴᠢᠯᠡᠨ ᠮᠡᠳᠡᠭᠦᠯᠦᠭᠴᠢ ᠪᠤᠰᠤᠳ ᠲᠤ ᠨᠠᠶᠢᠳᠠᠵᠤ ᠱᠠᠩᠨᠠᠯ ᠤᠨ ᠮᠥᠩᠭᠦ ᠠᠪᠤᠭᠤᠯᠪᠠᠯ᠂ ᠢᠯᠡᠴᠢᠯᠡᠨ ᠮᠡᠳᠡᠭᠦᠯᠦᠭᠴᠢ ᠶᠢᠨ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ᠂ ᠲᠤᠰ ᠬᠥᠮᠥᠨ ᠪᠠ ᠢᠯᠡᠴᠢᠯᠡᠨ ᠮᠡᠳᠡᠭᠦᠯᠦᠭᠴᠢ ᠶᠢᠨ ᠬᠦᠴᠦᠨ ᠪᠦᠬᠦᠢ ᠪᠡᠶ᠎ᠡ ᠶᠢᠨ ᠦᠨᠡᠮᠯᠡᠯ ᠢ ᠬᠠᠩᠭᠠᠬᠤ ᠶᠢᠨ ᠬᠠᠮᠲᠤ ᠰᠦᠪᠡᠭᠴᠢ ᠶᠢᠨ ᠠᠭᠤᠯᠭ᠎ᠠ ᠶᠢ ᠲᠣᠪᠴᠢ ᠲᠣᠭᠠᠴᠢᠨ᠎ᠠ᠃      3. ᠢᠯᠡᠴᠢᠯᠡᠨ ᠮᠡᠳᠡᠭᠦᠯᠦᠭᠰᠡᠨ ᠰᠦᠪᠡᠭᠴᠢ ᠳᠤ ᠠᠩᠬ᠎ᠠ ᠱᠠᠩᠨᠠᠬᠤ ᠲᠤᠭᠲᠠᠯᠴᠠᠭ᠎ᠠ ᠶᠢ ᠬᠡᠷᠡᠭᠵᠢᠭᠦᠯᠵᠦ᠂ ᠣᠯᠠᠨ ᠬᠥᠮᠦᠨ ᠠᠳᠠᠯᠢ ᠨᠢᠭᠡ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠪᠠᠶᠢᠪᠠᠯ᠂ ᠵᠠᠷᠴᠢᠮ ᠳᠡᠭᠡᠷ᠎ᠡ ᠪᠠᠨ ᠨᠢᠭᠡᠳᠦᠭᠡᠷ ᠢᠯᠡᠴᠢᠯᠡᠨ ᠮᠡᠳᠡᠭᠦᠯᠦᠭᠰᠡᠨ ᠬᠥᠮᠦᠨ ᠢ ᠱᠠᠩᠨᠠᠵᠤ᠂ ᠢᠯᠡᠴᠢᠯᠡᠨ ᠮᠡᠳᠡᠭᠦᠯᠦᠭᠰᠡᠨ ᠳᠡᠰ ᠳᠠᠷᠠᠭᠠᠯᠠᠯ ᠪᠠᠷ ᠪᠠᠷᠢᠮᠵᠢᠶ᠎ᠠ ᠪᠣᠯᠭᠠᠨ᠎ᠠ︔ ᠨᠡᠷ᠎ᠡ ᠬᠤᠯᠪᠣᠭᠠᠯᠠᠨ ᠠᠳᠠᠯᠢ ᠨᠢᠭᠡ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠪᠠᠶᠢᠪᠠᠯ᠂ ᠱᠠᠩᠨᠠᠯ ᠤᠨ ᠮᠥᠩᠭᠦ ᠶᠢ ᠢᠯᠡᠴᠢᠯᠡᠨ ᠮᠡᠳᠡᠭᠦᠯᠦᠭᠰᠡᠨ ᠬᠥᠮᠦᠨ ᠵᠥᠪᠳᠡᠯᠴᠡᠨ ᠬᠤᠪᠢᠶᠠᠷᠢᠯᠠᠨ᠎ᠠ︔ ᠠᠳᠠᠯᠢ ᠨᠢᠭᠡᠨ ᠢᠯᠡᠴᠢᠯᠡᠨ ᠮᠡᠳᠡᠭᠦᠯᠦᠭᠰᠡᠨ ᠬᠥᠮᠦᠨ ᠣᠯᠠᠨ ᠭᠠᠵᠠᠷ ᠣᠯᠠᠨ ᠰᠠᠯᠠᠭ᠎ᠠ ᠮᠥᠴᠢᠷ ᠲᠤ ᠠᠳᠠᠯᠢ ᠨᠢᠭᠡ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠪᠠᠶᠢᠪᠠᠯ᠂ ᠳᠠᠪᠬᠤᠷᠳᠠᠭᠤᠯᠤᠨ ᠱᠠᠩᠨᠠᠬᠤ ᠦᠭᠡᠢ᠃      4. ᠠᠷᠠᠳ ᠢᠷᠭᠡᠳ ᠤᠨ ᠢᠯᠡᠴᠢᠯᠡᠨ ᠮᠡᠳᠡᠭᠦᠯᠦᠭᠰᠡᠨ ᠭᠠᠵᠢᠭᠤ ᠨᠣᠮᠯᠠᠯ ᠢ ᠵᠣᠬᠢᠶᠠᠨ ᠪᠠᠶᠢᠭᠤᠯᠤᠭᠰᠠᠨ ᠬᠥᠮᠦᠰ ᠤᠨ ᠰᠦᠪᠡᠭᠴᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠨᠢᠭᠤᠴᠠ ᠶᠢ ᠬᠠᠮᠠᠭᠠᠯᠠᠬᠤ ᠲᠦᠷᠢᠮ ᠢ ᠴᠢᠩᠭ᠎ᠠ ᠵᠢᠷᠤᠮᠯᠠᠨ ᠢᠯᠡᠴᠢᠯᠡᠨ ᠮᠡᠳᠡᠭᠦᠯᠦᠭᠴᠢ ᠪᠠ ᠬᠤᠯᠪᠣᠭᠳᠠᠯ ᠪᠥᠬᠦᠶ ᠢᠯᠡᠴᠢᠯᠡᠨ ᠮᠡᠳᠡᠭᠦᠯᠦᠭᠰᠡᠨ ᠰᠦᠪᠡᠭᠴᠢ ᠳᠤ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠠᠪᠤᠭᠤᠯᠬᠤ ᠶᠢᠨ ᠬᠠᠮᠲᠤ ᠢᠯᠡᠴᠢᠯᠡᠨ ᠮᠡᠳᠡᠭᠦᠯᠦᠭᠴᠢ ᠶᠢᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠨ᠎ᠠ᠃      5. ᠢᠯᠡᠴᠢᠯᠡᠨ ᠮᠡᠳᠡᠭᠦᠯᠦᠭᠴᠢ ᠭᠠᠵᠢᠭᠤ ᠨᠣᠮᠯᠠᠯ ᠳᠤ ᠬᠤᠯᠪᠣᠭᠳᠠᠭᠰᠠᠨ ᠵᠣᠬᠢᠶᠠᠨ ᠪᠠᠶᠢᠭᠤᠯᠤᠯᠲᠠ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠦᠨᠡᠨ ᠪᠣᠳᠠᠲᠠᠶ ᠪᠠᠷ ᠲᠤᠰᠬᠠᠬᠤ ᠬᠡᠷᠡᠭᠲᠡᠶ᠂ ᠬᠡᠷᠪᠡ ᠢᠯᠡᠴᠢᠯᠡᠨ ᠮᠡᠳᠡᠭᠦᠯᠬᠦ ᠨᠡᠷ᠎ᠡ ᠪᠠᠷ ᠪᠤᠰᠤᠳ ᠢ ᠭᠦᠳᠬᠡᠨ ᠵᠠᠭᠠᠯᠳᠤᠬᠤ᠂ ᠬᠢᠬᠠᠨ ᠮᠡᠬᠡᠯᠡᠭᠳᠡᠭᠰᠡᠨ ᠢ ᠢᠯᠡᠴᠢᠯᠡᠨ ᠮᠡᠳᠡᠭᠦᠯᠦᠭᠴᠢ᠂ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠭᠰᠠᠨ᠂ ᠬᠤᠳᠠᠯ ᠢᠶᠠᠷ ᠮᠡᠳᠡᠭᠦᠯᠦᠭᠰᠡᠨ ᠵᠡᠷᠭᠡ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠤᠰᠤᠭᠠᠷ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ                              2024 ᠣᠨ ᠤ 3 ᠰᠠᠷ᠎ᠠ ᠶᠢᠨ 25᠎ ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号