ᠬᠠᠩᠰᠢ ᠶᠢᠨ ᠡᠳᠤᠷ ᠤᠨ ᠪᠤᠯᠪᠠᠰᠤᠨ ᠢᠶᠠᠷ ᠲᠡᠬᠢᠬᠤ᠂ ᠤᠢ ᠰᠢᠭᠤᠢ ᠨᠤᠳᠤᠭ ᠪᠠᠯᠴᠢᠬᠡᠷ ᠤᠨ ᠭᠠᠯ ᠢ ᠰᠡᠷᠬᠡᠶᠢᠯᠡᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/3/27
ᠪᠦᠬᠦ ᠬᠤᠰᠢᠭᠤᠨ ᠤ ᠦᠷᠬᠡᠨ ᠤᠯᠠᠨ ᠰᠠᠭᠤᠭᠠᠯᠢ ᠠᠷᠡᠳ ᠲᠦᠮᠡᠨ ᠳᠤ᠄      ᠬᠠᠩᠰᠢ ᠤᠳᠠᠯ ᠦᠬᠡᠢ ᠬᠦᠷᠴᠤ ᠢᠷᠡᠨ᠎ᠠ᠂ ᠡᠨ᠋ᠨ ᠪᠤᠯ ᠮᠠᠨ ᠤ ᠲᠤᠮᠳᠠᠳᠤ ᠶᠢᠨ ᠦᠡᠳᠤᠰᠤᠳᠠᠨ ᠤ ᠤᠷᠢᠳᠤ ᠎ ᠶᠢᠨ ᠬᠦᠮᠤᠰ ᠢᠶᠠᠨ ᠲᠤᠷᠠᠰᠤᠨ ᠰᠠᠨᠠᠭᠠᠯᠵᠠᠵᠤ᠂ ᠭᠠᠰᠢᠭᠤᠳᠠᠯ ᠢᠶᠠᠨ ᠢᠯᠡᠳᠬᠡᠬᠦ ᠤᠯᠠᠮᠵᠢᠯᠠᠯᠳᠤ ᠪᠠᠶᠠᠷ ᠤᠨ ᠡᠳᠤᠷ ᠪᠤᠯᠤᠨ᠎ᠠ᠃ ᠬᠡᠬᠦ ᠳᠡᠭᠡᠨ᠂ ᠡᠶᠢᠮᠤ ᠨᠢᠬᠡᠨ ᠲᠦᠪ ᠶᠡᠬᠡᠮᠰᠦᠭ ᠪᠦᠬᠡᠳ ᠤᠡᠴᠠᠭᠠᠢ ᠴᠠᠭ ᠮᠦᠴᠠ ᠳᠤ᠂ ᠪᠢᠳᠠ ᠪᠠᠰᠠ ᠤᠢ ᠰᠢᠭᠤᠢ ᠨᠤᠳᠤᠭ ᠪᠠᠯᠴᠢᠬᠡᠷ ᠤᠨ ᠭᠠᠯ ᠢ ᠰᠡᠷᠬᠡᠶᠢᠯᠡᠬᠦ ᠲᠦᠢᠯ ᠤᠨ ᠴᠢᠬᠤᠯᠠ ᠠᠰᠠᠭᠤᠳᠠᠯ ᠪᠤᠯᠬᠤ ᠶᠢ ᠠᠩᠬᠠᠷᠬᠤ ᠴᠢᠬᠤᠯᠠᠳᠡᠢ ᠶᠤᠮ᠃      ᠬᠠᠩᠰᠢ ᠶᠢᠨ ᠬᠤᠭᠤᠴᠠᠭᠠᠨ ᠳᠤ᠂ ᠤᠩᠭᠤᠨ ᠱᠦᠬᠦᠷᠳᠡᠬᠦ᠂ ᠲᠡᠬᠡᠳᠤᠰ ᠢᠶᠠᠨ ᠲᠡᠬᠢᠬᠤ ᠠᠵᠢᠯᠯᠠᠭ᠎ᠠ ᠤᠯᠠᠰᠢᠷᠠᠵᠤ᠂ ᠤᠢ ᠰᠢᠭᠤᠢ ᠨᠤᠳᠤᠭ ᠪᠠᠯᠴᠢᠬᠡᠷ ᠤᠨ ᠭᠠᠯ ᠤᠨ ᠭᠠᠮᠰᠢᠭ ᠤᠯᠠᠨ ᠡᠬᠦᠰᠳᠡᠭ ᠬᠤᠭᠤᠴᠠᠭ᠎ᠠ ᠪᠤᠯᠤᠨ᠎ᠠ᠃ ᠭᠠᠯ ᠲᠦᠢᠮᠡᠷ ᠡᠭᠦᠰᠬᠦ ᠳᠤ ᠬᠦᠷᠪᠠᠯ᠂ ᠤᠢ ᠰᠢᠭᠤᠢ ᠨᠤᠳᠤᠭ ᠪᠠᠯᠴᠢᠬᠡᠷ ᠲᠤ ᠰᠦᠨᠤᠬᠡᠯᠳᠡ ᠶᠢᠨ ᠴᠢᠨᠡᠷᠳᠡᠢ ᠬᠤᠬᠢᠷᠡᠯ ᠤᠴᠠᠷᠠᠭᠤᠯᠬᠤ ᠪᠠᠷ ᠪᠠᠷᠠᠬᠤ ᠦᠬᠡᠢ᠂ ᠪᠠᠰᠠ ᠠᠷᠡᠳ ᠤᠯᠠᠨ ᠤ ᠠᠮᠢ ᠨᠠᠰᠤ ᠡᠳ᠋ ᠬᠦᠷᠤᠩᠬᠡ ᠶᠢᠨ ᠠᠮᠤᠷ ᠲᠦᠪᠰᠢᠨ ᠢ ᠰᠦᠷᠳᠡᠬᠦᠯᠬᠦ ᠪᠤᠯᠤᠨ᠎ᠠ᠃ ᠡᠶᠢᠮᠤ ᠠᠴᠠ᠂ ᠪᠢᠳᠠ ᠪᠦᠬᠦ ᠬᠤᠰᠢᠭᠤᠨ ᠤ ᠦᠷᠬᠡᠨ ᠤᠯᠠᠨ ᠰᠠᠭᠤᠭᠠᠯᠢ ᠠᠷᠡᠳ ᠬᠠᠩᠰᠢ ᠶᠢᠨ ᠬᠤᠭᠤᠴᠠᠭᠠᠨ ᠳᠤ ᠪᠤᠯᠪᠠᠰᠤᠨ ᠪᠠᠷ ᠲᠠᠬᠢᠬᠤ ᠶᠢ ᠶᠢ ᠢᠳᠡᠪᠬᠢᠳᠡᠢ ᠰᠠᠨᠠᠭᠠᠴᠢᠯᠠᠵᠤ᠂ ᠤᠢ ᠰᠢᠭᠤᠢ ᠨᠤᠳᠤᠭ ᠪᠠᠯᠴᠢᠬᠡᠷ ᠤᠨ ᠭᠠᠯ ᠤᠨ ᠭᠠᠮᠰᠢᠭ ᠢ ᠴᠢᠩᠭ᠎ᠠ ᠰᠡᠷᠬᠡᠶᠢᠯᠡᠨ᠂ ᠦᠵᠡᠰᠬᠦᠯᠠᠩᠳᠤ ᠰᠠᠶᠢᠬᠠᠨ ᠬᠡᠷ ᠤᠷᠤᠨ ᠢᠶᠠᠨ ᠬᠠᠮᠳᠤ ᠪᠠᠷ ᠰᠠᠬᠢᠨ ᠬᠠᠮᠠᠭᠠᠯᠠᠬᠤ ᠶᠢ ᠰᠠᠨᠠᠭᠠᠴᠢᠯᠠᠵᠤ ᠪᠠᠶᠢᠨ᠎ᠠ᠃      ᠨᠢᠬᠡ᠂ ᠪᠤᠯᠪᠠᠰᠤᠨ ᠲᠠᠬᠢᠯᠭ᠎ᠠ ᠶᠢ ᠰᠠᠨᠠᠭᠠᠴᠢᠯᠠᠵᠤ᠂ ᠰᠢᠨ᠎ᠠ ᠰᠤᠷᠳᠠᠯ ᠢ ᠪᠤᠢ ᠪᠤᠯᠭᠠᠬᠤ ᠬᠡᠷᠡᠭᠳᠡᠢ ᠪᠢᠳᠠ ᠬᠠᠭᠤᠴᠢᠨ ᠶᠤᠰᠤ ᠪᠦᠳᠤᠬᠦᠯᠢᠭ ᠵᠠᠩᠰᠢᠯ ᠢᠶᠠᠨ ᠲᠠᠶᠠᠭᠳᠠᠵᠤ᠂ ᠹᠸᠤᠳᠠᠯ ᠤᠨ ᠮᠤᠬᠤᠷ ᠪᠢᠰᠢᠷᠡᠯ ᠢ ᠡᠰᠡᠷᠬᠦᠴᠠᠨ ᠬᠤᠷᠢᠭᠯᠠᠵᠤ᠂ ᠰᠤᠷᠭᠤᠭ ᠴᠡᠴᠡᠭ ᠢᠶᠠᠷ ᠲᠡᠬᠢᠬᠤ᠂ ᠮᠤᠳᠤ ᠲᠠᠷᠢᠵᠤ ᠲᠡᠬᠢᠬᠤ᠂ ᠰᠦᠯᠵᠢᠶᠠᠨ ᠲᠡᠬᠡᠷ᠎ᠠ ᠲᠠᠬᠢᠬᠤ ᠵᠡᠷᠬᠡ ᠪᠤᠯᠪᠠᠰᠤᠨ ᠡᠷᠡᠬᠦᠯ ᠲᠠᠬᠢᠯᠭ᠎ᠠ ᠶᠢᠨ ᠠᠷᠭ᠎ᠠ ᠮᠠᠶ᠋ᠢᠭ ᠢ ᠡᠷᠬᠢᠮᠯᠡᠬᠦ ᠬᠡᠷᠡᠭᠳᠡᠢ᠃ ᠪᠤᠩᠬᠤᠨ ᠢ ᠱᠦᠬᠦᠷᠳᠡᠬᠦ ᠶᠠᠪᠤᠴᠠ ᠳᠤ ᠲᠡᠮᠡᠬᠢᠨ ᠶᠤᠵᠤᠭᠤᠷ᠂ ᠴᠦᠳᠡᠩ ᠤᠨ ᠡᠰᠢ ᠵᠡᠷᠬᠡ ᠨᠤᠴᠤᠮᠠᠳᠤᠭᠠᠢ ᠪᠤᠳᠠᠰ ᠢ ᠲᠤᠷ᠎ᠠ ᠪᠠᠷ ᠎ ᠢᠶᠠᠨ ᠬᠠᠶᠠᠬᠤ ᠦᠬᠡᠢ᠂ ᠴᠠᠭᠠᠰᠤᠨ ᠵᠤᠭᠤᠰ᠂ ᠬᠦᠵᠢ ᠵᠤᠯᠠ ᠵᠠᠷᠬᠡ ᠲᠠᠬᠢᠯᠭ᠎ᠠ ᠶᠢᠨ ᠬᠡᠷᠡᠭᠰᠡᠯ ᠢ ᠰᠢᠳᠠᠭᠠᠬᠤ  ᠦᠭᠡᠢ᠂ ᠬᠤᠸᠠᠷ ᠫᠤᠤᠵᠢᠩ ᠲᠠᠯᠪᠢᠬᠤ ᠦᠬᠡᠢ᠂ ᠪᠤᠯᠪᠠᠰᠤᠨ ᠲᠡᠬᠢᠯᠭ᠎ᠠ᠂ ᠤᠷᠴᠢᠨ ᠲᠤᠭᠤᠷᠢᠨ ᠢ ᠬᠠᠮᠠᠭᠠᠯᠠᠬᠤ ᠲᠠᠬᠢᠯᠭ᠎ᠠ ᠶᠢ ᠭᠦᠢᠴᠡᠳᠭᠡᠶ᠎ᠡ᠃      ᠬᠤᠶᠡᠷ᠂ ᠭᠠᠯ ᠤᠨ ᠢᠷᠠᠯᠳᠠ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠠᠯ ᠤᠨ ᠭᠠᠮᠰᠢᠭ ᠢ ᠴᠢᠩᠭ᠎ᠠ ᠰᠡᠷᠬᠡᠶᠢᠯᠡᠬᠦ ᠬᠡᠷᠡᠭᠳᠡᠢ      ᠪᠢᠳᠠ ᠤᠢ ᠰᠢᠭᠤᠢ ᠶᠢᠨ ᠭᠠᠯ ᠰᠡᠷᠬᠡᠶᠢᠯᠡᠬᠦ ᠬᠠᠤᠯᠢ ᠴᠠᠭᠠᠵᠠ ᠬᠠᠤᠯᠢ ᠲᠤᠭᠳᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠤᠢ ᠰᠢᠭᠤᠢ ᠨᠤᠳᠤᠭ ᠪᠠᠯᠴᠢᠬᠡᠷ ᠤᠨ ᠤᠷᠤᠨ ᠳᠤ ᠭᠠᠯ ᠨᠣᠴᠤᠭᠠᠵᠤ ᠲᠤᠯᠠᠭᠠᠯᠠᠬᠤ ᠦᠬᠡᠢ᠂ ᠬᠡᠬᠡᠷ᠎ᠠ ᠭᠠᠳᠠᠨ᠎ᠠ ᠭᠠᠯ ᠨᠤᠴᠤᠭᠠᠵᠤ ᠬᠤᠭᠤᠯᠠᠯᠠᠬᠤ ᠦᠬᠡᠢ᠂ ᠭᠠᠯ ᠠᠪᠴᠤ ᠤᠢ ᠰᠢᠭᠤᠢ ᠨᠤᠳᠤᠭ ᠪᠠᠯᠴᠢᠬᠡᠷ ᠤᠨ ᠤᠷᠤᠨ ᠳᠤ ᠤᠷᠤᠬᠤ ᠦᠬᠡᠢ᠃ ᠪᠤᠯᠠᠰᠢ ᠱᠦᠬᠦᠷᠳᠡᠬᠦ ᠶᠠᠪᠤᠴᠠ ᠳᠤ᠂ ᠭᠠᠯ ᠤᠨ ᠡᠬᠢ ᠰᠤᠷᠪᠤᠯᠵᠢ ᠶᠢ ᠬᠡᠷᠡᠭᠯᠡᠬᠦ ᠪᠠ ᠬᠠᠮᠢᠶᠠᠷᠤᠨ ᠡᠵᠡᠮᠳᠡᠬᠦ ᠶᠢ ᠤᠡᠴᠠᠭᠠᠶᠢᠯᠠᠨ ᠠᠩᠬᠠᠷᠴᠤ᠂ ᠭᠠᠯ ᠤᠨ ᠡᠬᠢ ᠰᠤᠷᠪᠤᠯᠵᠢ ᠶᠢ ᠶᠠᠪᠤᠬᠤ ᠠᠴᠠ ᠡᠮᠤᠨ᠎ᠠ ᠪᠦᠷᠢᠮᠤᠰᠤᠨ ᠤᠡᠳᠠᠷᠠᠭᠠᠬᠤ ᠶᠢ ᠦᠨᠡᠨ ᠬᠦ ᠪᠠᠳᠤᠯᠠᠵᠤ᠂ ᠪᠤᠯᠭᠤᠮᠵᠢ ᠦᠬᠡᠢ ᠠᠴᠠ ᠪᠤᠯᠵᠤ ᠭᠠᠯ ᠤᠨ ᠠᠶᠤᠯ ᠡᠬᠦᠰᠬᠦ ᠎ ᠠᠴᠠ ᠰᠡᠷᠬᠡᠶᠢᠯᠡᠬᠦ ᠬᠡᠷᠡᠭᠳᠡᠢ᠃      ᠭᠤᠷᠪᠡ᠂ ᠭᠠᠯ ᠰᠡᠷᠬᠡᠶᠢᠯᠡᠬᠦ ᠦᠵᠡᠯ ᠤᠬᠠᠮᠰᠠᠷ ᠢᠶᠠᠨ ᠲᠡᠬᠡᠭᠰᠢᠯᠡᠬᠦᠯᠵᠤ᠂ ᠤᠬᠠᠭᠤᠯᠭ᠎ᠠ ᠪᠠᠨ ᠴᠢᠩᠭᠠᠳᠬᠠᠬᠤ ᠬᠡᠷᠡᠭᠳᠡᠢ᠃      ᠪᠢᠳᠠ ᠭᠠᠯ ᠢ ᠰᠡᠷᠬᠡᠶᠢᠯᠡᠬᠦ ᠤᠬᠠᠮᠰᠠᠷ ᠢᠶᠠᠨ ᠲᠡᠬᠡᠭᠰᠢᠯᠡᠬᠦᠯᠵᠤ᠂ ᠭᠠᠯ ᠢ ᠰᠡᠷᠬᠡᠶᠢᠯᠡᠬᠦ ᠮᠡᠳᠡᠯᠬᠡ ᠶᠢ ᠦᠢᠯᠠᠭᠠᠵᠤ᠂ ᠭᠠᠯ ᠢ ᠰᠡᠷᠬᠡᠶᠢᠯᠡᠬᠦ ᠦᠡᠳᠤᠰᠤᠨ ᠮᠠᠷᠬᠡᠵᠢᠯ ᠢ ᠡᠵᠡᠮᠰᠢᠬᠦ ᠬᠡᠷᠡᠭᠳᠡᠢ᠃ ᠡᠬᠦᠨ ᠤ ᠬᠠᠮᠳᠤ᠂ ᠪᠢᠳᠠ ᠪᠠᠰᠠ ᠲᠡᠷᠬᠡᠳᠡᠬᠢ ᠲᠦᠷᠤᠯ ᠰᠠᠳᠣᠨ ᠨᠠᠶᠢᠵᠠ ᠨᠦᠬᠦᠳ ᠲᠡᠭᠡᠨ ᠭᠠᠯ ᠰᠡᠷᠬᠡᠶᠢᠯᠡᠬᠦ ᠮᠡᠳᠡᠯᠬᠡ ᠶᠢ ᠢᠳᠡᠪᠬᠢᠳᠡᠢ ᠤᠬᠠᠭᠤᠯᠵᠤ᠂ ᠲᠠᠳᠠᠨ ᠳᠤ ᠤᠢ ᠰᠢᠭᠤᠢ ᠨᠤᠳᠤᠭ ᠪᠠᠯᠴᠢᠬᠡᠷ ᠤᠨ ᠭᠠᠯ ᠤᠨ ᠭᠠᠮᠰᠢᠭ ᠤᠨ ᠬᠤᠤᠷ ᠬᠦᠨᠤᠬᠡᠯᠳᠤ ᠴᠢᠨᠡᠷ ᠪᠠ ᠰᠡᠷᠬᠡᠶᠢᠯᠡᠬᠦ ᠠᠷᠭ᠎ᠠ ᠬᠡᠮᠵᠢᠶ᠎ᠠ ᠶᠢ ᠦᠢᠯᠠᠭᠠᠭᠤᠯᠵᠤ᠂ ᠭᠠᠯ ᠰᠡᠷᠬᠡᠶᠢᠯᠡᠬᠦ ᠠᠭᠤᠷ ᠠᠮᠢᠰᠬᠤᠯ ᠢ ᠬᠠᠮᠳᠤ ᠪᠠᠷ ᠪᠤᠢ ᠪᠤᠯᠭᠠᠬᠤ ᠬᠡᠷᠡᠭᠳᠡᠢ᠃      ᠦᠷᠭᠡᠨ ᠣᠯᠠᠨ ᠰᠠᠭᠤᠭᠠᠯᠢ ᠠᠷᠡᠳ ᠲᠤ᠂ ᠤᠢ ᠰᠢᠭᠤᠢ ᠨᠤᠳᠤᠭ ᠪᠠᠯᠴᠢᠬᠡᠷ ᠪᠤᠯ ᠪᠢᠳᠠᠨ ᠤ ᠨᠤᠭᠤᠭᠠᠨ ᠬᠠᠯᠬᠠᠪᠴᠢ᠂ ᠪᠢᠳᠠᠨ ᠤ ᠡᠷᠬᠢᠮ ᠨᠠᠡᠳᠢᠨ ᠦᠪ ᠬᠦᠷᠤᠩᠬᠡ ᠮᠥᠨ᠃ ᠪᠢᠳᠠ ᠭᠠᠷ ᠭᠠᠷ ᠢᠶᠠᠨ ᠬᠤᠯᠪᠤᠯᠴᠠᠨ᠂ ᠦᠪᠡᠷ ᠤᠨ ᠪᠠᠶ᠎ᠠ ᠠᠴᠠ ᠪᠠᠨ ᠡᠬᠢᠯᠡᠨ ᠬᠢᠵᠤ᠂ ᠤᠳᠤ ᠠᠴᠠ ᠡᠬᠢᠯᠡᠨ ᠬᠢᠵᠤ᠂ ᠪᠤᠯᠪᠠᠰᠤᠨ ᠢᠶᠠᠷ ᠲᠠᠬᠢᠬᠤ ᠬᠡᠯᠪᠡᠷᠢ ᠎ ᠪᠠᠷ ᠤᠷᠢᠳᠤᠬᠢ ᠬᠦᠮᠤᠰ ᠢᠶᠠᠨ ᠲᠤᠷᠠᠰᠤᠨ ᠰᠠᠨᠠᠭᠠᠯᠵᠠᠵᠤ᠂ ᠤᠢ ᠰᠢᠭᠤᠢ ᠨᠤᠳᠤᠭ ᠪᠠᠯᠴᠢᠬᠡᠷ ᠤᠨ ᠭᠠᠯ ᠤᠨ ᠭᠠᠮᠰᠢᠭ ᠢ ᠴᠢᠩᠭ᠎ᠠ ᠨᠢᠮᠪᠠᠢ ᠤᠪᠤᠷ ᠢᠶᠠᠷ ᠰᠡᠷᠬᠡᠶᠢᠯᠠᠶ᠎ᠠ᠃ ᠪᠢᠳᠠ ᠡᠨᠡᠬᠦ ᠨᠤᠮᠢᠨ ᠨᠤᠭᠤᠭᠠᠨ ᠦᠩᠬᠡ ᠪᠠᠷ ᠪᠢᠯᠬᠠᠭᠰᠡᠨ ᠨᠤᠳᠤᠭ ᠲᠡᠪᠢᠰᠬᠡᠷ ᠢᠶᠠᠨ ᠬᠠᠮᠳᠤᠪᠡᠷ ᠰᠠᠶᠢᠳᠤᠷ ᠰᠠᠬᠢᠨ ᠬᠠᠮᠠᠭᠠᠯᠠᠵᠤ᠂ ᠦᠷ᠎ᠠ ᠬᠤᠶᠢᠴᠢᠰ ᠲᠠᠭᠠᠨ ᠨᠠᠩ ᠰᠠᠶᠢᠨ ᠰᠠᠶᠢᠬᠠᠨ ᠬᠡᠷ ᠤᠷᠤᠨ ᠢ ᠦᠯᠡᠳᠡᠬᠡᠵᠤ ᠦᠭᠬᠦᠶ᠎ᠠ︕           ᠠᠪᠠᠭ᠎ᠠ ᠬᠤᠰᠢᠭᠤᠨ ᠤ ᠤᠢ ᠰᠢᠭᠤᠢ ᠪᠠ ᠨᠤᠳᠤᠭ ᠪᠠᠯᠴᠢᠬᠡᠷ ᠤᠨ ᠭᠠᠯ ᠰᠡᠷᠬᠡᠶᠢᠯᠡᠬᠦ ᠦᠢᠯᠡᠴᠢᠯᠡᠬᠡᠨ ᠎ ᠤ ᠲᠦᠪ                        2024 ᠤᠨ ᠤ 3 ᠰᠠᠷ᠎ᠠ ᠶᠢᠨ 26᠎ ᠤ ᠡᠳᠤᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号