ᠬᠥᠳᠡᠭᠡ ᠲᠣᠰᠬᠤᠨ ᠤ ᠵᠠᠰᠠᠮᠠᠯ ᠵᠠᠮ ᠨᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠴᠢᠬᠤᠯᠠ ᠰᠠᠭᠤᠷᠢ ᠲᠥᠬᠦᠭᠡᠷᠦᠮᠵᠢ ᠪᠣᠯᠤᠭᠰᠠᠨ ᠤ ᠬᠤᠪᠢ ᠳᠤ᠂ ᠠᠵᠤ ᠠᠬᠤᠢ | ᠨᠡᠶᠢᠭᠡᠮ ᠤᠨ ᠬᠥᠭᠵᠢᠯᠲᠡ ᠪᠠ ᠤᠯᠠᠨ ᠲᠦᠮᠡᠨ ᠤ ᠶᠠᠪᠤᠵᠤ ᠰᠠᠭᠤᠬᠤ ᠳᠤ ᠤᠳᠤᠷᠢᠳᠤᠮᠵᠢ ᠶᠢᠨ ᠴᠢᠨᠠᠷᠲᠠᠢ | ᠦᠢᠯᠡᠳᠦᠯ ᠲᠠᠢ ᠶᠤᠮ᠃ ᠲᠡᠷᠭᠡ ᠬᠥᠰᠬᠡ ᠶᠢᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠨᠢ ᠬᠥᠳᠡᠭᠡ | ᠲᠣᠰᠬᠤᠨ ᠤ ᠵᠠᠰᠠᠮᠠᠯ ᠵᠠᠮ ᠤᠨ ᠲᠤᠭᠲᠠᠭᠰᠠᠨ ᠳᠠᠭᠠᠭᠠᠴᠠ ᠠᠴᠠ ᠬᠤᠯᠠ ᠬᠡᠲᠦᠷᠡᠭᠰᠡᠨ ᠠᠴᠠ ᠵᠠᠮ ᠤᠨ ᠰᠠᠭᠤᠷᠢ ᠶᠢ | ᠡᠪᠳᠡᠨ ᠰᠦᠢᠳᠬᠡᠵᠦ᠂ ᠬᠡᠷᠡᠭᠯᠡᠬᠦ ᠣᠨ ᠵᠢᠯ ᠨᠢ ᠶᠡᠭᠡ ᠪᠠᠷ ᠪᠣᠭᠤᠨᠢᠰᠴᠤ᠂ ᠵᠠᠰᠠᠮᠠᠯ ᠵᠠᠮ ᠤᠨ ᠰᠠᠭᠤᠷᠢ | ᠲᠥᠬᠦᠭᠡᠷᠦᠮᠵᠢ ᠶᠢ ᠬᠦᠨᠳᠦ ᠨᠣᠴᠢᠲᠠᠶ ᠡᠪᠳᠡᠵᠦ ᠪᠠᠶᠢᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ | ᠲᠦᠪᠰᠢᠨ ᠰᠠᠭᠠᠳ ᠥᠬᠡᠶ ᠨᠡᠪᠲᠡᠷᠡᠬᠦ ᠶᠢ ᠦᠨᠡᠨᠬᠦ ᠰᠠᠶᠢᠲᠤᠷ ᠬᠠᠮᠠᠭᠠᠯᠠᠬᠤ ᠶᠢᠨ ᠲᠤᠰᠠᠳᠠ᠂ ︽ᠵᠠᠰᠠᠮᠠᠯ ᠵᠠᠮ ᠤᠨ | ᠬᠠᠤᠯᠢ︾᠂ ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠨ᠂ ᠡᠳᠦᠭᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠬᠥᠰᠬᠡ ᠶᠢᠨ | ᠬᠥᠳᠡᠭᠡ ᠲᠣᠰᠬᠤᠨ ᠤ ᠵᠠᠰᠠᠮᠠᠯ ᠵᠠᠮ ᠨᠡᠪᠲᠡᠷᠡᠬᠦ ᠶᠢ ᠴᠠᠭᠠᠵᠠᠯᠠᠬᠤ ᠲᠤᠬᠠᠢ ᠬᠤᠯᠪᠣᠭᠳᠠᠯ ᠪᠥᠬᠦᠶ ᠵᠦᠢᠯᠡᠰ ᠢ ᠳᠣᠤᠷᠠᠬᠢ | ᠮᠡᠲᠦ ᠵᠠᠷᠯᠠᠶ᠎ᠠ᠄ | ᠨᠢᠭᠡ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠬᠥᠰᠬᠡ ᠶᠢ ᠮᠠᠨ ᠤ ᠬᠤᠰᠢᠭᠤᠨ ᠤ ᠬᠠᠷᠢᠶ᠎ᠠ | ᠣᠷᠣᠨ ᠤ ᠰᠢᠶᠠᠨ ᠰᠢᠶᠠᠩ ᠤᠨ ᠵᠠᠮ ᠪᠠ ᠬᠥᠳᠡᠭᠡ ᠲᠣᠰᠬᠤᠨ ᠤ ᠬᠠᠲᠠᠭᠤᠷᠠᠭᠤᠯᠤᠭᠰᠠᠨ ᠵᠠᠮ ᠢᠶᠠᠷ ᠨᠡᠪᠲᠡᠷᠡᠭᠦᠯᠬᠦ ᠶᠢ | ᠴᠢᠩᠭ᠎ᠠ ᠴᠠᠭᠠᠵᠠᠯᠠᠨ᠎ᠠ᠃ ᠲᠡᠭᠡᠭᠡᠪᠦᠷᠢ ᠡᠵᠡᠩᠨᠡᠵᠦ ᠪᠠᠶᠢᠭ᠎ᠠ ᠪᠠᠷᠠᠭᠠᠨ ᠤ ᠲᠡᠷᠭᠡ ᠶᠢᠨ ᠲᠡᠷᠭᠡ ᠪᠠᠷᠠᠭ᠎ᠠ ᠶᠢᠨ ᠶᠡᠷᠦᠩᠬᠡᠢ | ᠴᠢᠨᠠᠷ ᠨᠢ ᠤᠯᠤᠰ ᠤᠨ ᠲᠣᠭᠲᠠᠭᠠᠭᠰᠠᠨ ᠬᠤᠶᠠᠷ ᠲᠡᠩᠭᠡᠯᠢᠭᠲᠦ ᠪᠠᠷᠠᠭᠠᠨ ᠤ ᠲᠡᠷᠭᠡ 18 ᠲᠣᠨ ︵ᠬᠥᠩᠭᠡᠨ | ᠬᠡᠯᠪᠡᠷᠢ ᠶᠢᠨ ᠪᠠᠷᠠᠭᠠᠨ ᠤ ᠲᠡᠷᠭᠡ ᠶᠢᠨ ᠲᠣᠮᠣ ᠲᠣᠨ ᠤ ᠪᠠᠭ᠎ᠠ ᠪᠠᠷᠢᠮᠵᠢᠶ᠎ᠠ ᠶᠢᠨ ᠠᠰᠠᠭᠤᠳᠠᠯ ᠲᠠᠢ ᠲᠡᠷᠭᠡ ᠪᠠᠭᠲᠠᠬᠤ | ᠦᠭᠡᠶ︶᠂ 27 ᠲᠣᠨ ᠤ ᠭᠤᠷᠪᠠᠨ ᠲᠡᠩᠭᠡᠯᠢᠭᠲᠦ ᠪᠠᠷᠠᠭᠠᠨ ᠤ ᠲᠡᠷᠭᠡ᠂ 36 ᠲᠣᠨ ᠤ ᠳᠥᠷᠪᠡᠨ ᠲᠡᠩᠭᠡᠯᠢᠭᠲᠦ | ᠪᠠᠷᠠᠭᠠᠨ ᠤ ᠲᠡᠷᠭᠡ᠂ 43 ᠲᠣᠨ ᠤ ᠲᠠᠪᠤᠨ ᠲᠡᠩᠭᠡᠯᠢᠭᠲᠦ ᠪᠠᠷᠠᠭᠠᠨ ᠤ ᠲᠡᠷᠭᠡ ᠪᠠ ᠵᠢᠷᠭᠤᠭᠠᠨ ᠲᠡᠩᠭᠡᠯᠢᠭ ᠠᠴᠠ | ᠳᠡᠭᠡᠭᠰᠢᠬᠢ 49 ᠲᠣᠨ ᠤ ᠪᠠᠷᠠᠭᠠᠨ ᠤ ᠲᠡᠷᠭᠡ ᠶᠢᠨ ᠲᠡᠷᠭᠡ ᠬᠥᠰᠬᠡ ᠶᠢᠨ ᠬᠡᠮᠵᠢᠶ᠎ᠡ ᠠᠴᠠ ᠬᠡᠲᠦᠷᠡᠭᠰᠡᠨ ᠢ ᠮᠠᠭᠠᠳᠯᠠᠨ | ᠲᠣᠭᠲᠠᠭᠠᠬᠤ ᠪᠠᠷᠢᠮᠵᠢᠶ᠎ᠠ ᠠᠴᠠ ᠬᠡᠲᠦᠷᠡᠭᠦᠯᠵᠦ ᠪᠣᠯᠬᠤ ᠦᠭᠡᠶ᠃ ᠪᠤᠶ ᠪᠦᠬᠦᠢ ᠲᠡᠷᠭᠡ ᠬᠥᠰᠬᠡ ᠪᠠᠷᠠᠭ᠎ᠠ | ᠠᠴᠢᠶᠠᠯᠠᠬᠤ ᠳᠤ ᠵᠠᠮ ᠬᠠᠷᠢᠯᠴᠠᠭᠠᠨ ᠤ ᠲᠡᠮᠳᠡᠭ ᠲᠤ ᠲᠣᠳᠣᠷᠬᠠᠶᠢᠯᠠᠭᠰᠠᠨ ᠠᠴᠢᠶᠠᠯᠠᠬᠤ ᠶᠢ ᠬᠢᠵᠠᠭᠠᠷᠯᠠᠬᠤ᠂ | ᠥᠨᠳᠥᠷ ᠢ ᠬᠢᠵᠠᠭᠠᠷᠯᠠᠬᠤ᠂ ᠥᠷᠭᠡᠨ ᠢ ᠬᠢᠵᠠᠭᠠᠷᠯᠠᠬᠤ ᠪᠠᠷᠢᠮᠵᠢᠶ᠎ᠠ ᠠᠴᠠ ᠬᠡᠲᠦᠷᠡᠭᠦᠯᠵᠦ ᠪᠣᠯᠬᠤ ᠦᠭᠡᠶ᠃ | ᠬᠤᠶᠠᠷ᠂ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ | ᠬᠥᠰᠬᠡ ᠶᠢ ᠪᠠᠶᠢᠴᠠᠭᠠᠨ ᠰᠢᠯᠭᠠᠭᠰᠠᠨ ᠤ ᠳᠠᠷᠠᠭ᠎ᠠ᠂ ᠬᠠᠤᠯᠢ ᠠᠴᠠ ᠵᠥᠷᠢᠴᠡᠭᠰᠡᠨ ᠪᠠᠶᠢᠳᠠᠯ ᠢ ᠣᠶᠢᠷ᠎ᠠ ᠬᠠᠪᠢ ᠳᠤᠨᠢ | ᠰᠢᠢᠳᠪᠤᠷᠢᠯᠡᠬᠦ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠳᠠᠭᠠᠭᠠᠴᠠ ᠠᠴᠠ ᠬᠡᠲᠦᠷᠡᠭᠦᠯᠦᠭᠰᠡᠨ ᠪᠠᠶᠢᠳᠠᠯ ᠨᠢ | 30% ᠳᠤ ᠬᠦᠷᠬᠦ ᠦᠭᠡᠢ ᠪᠣᠯ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠠᠴᠠ 1 ᠬᠤᠪᠢ ᠬᠠᠰᠣᠵᠣ᠂ | 200 ᠲᠥᠭᠦᠷᠢᠭ ᠲᠤᠷᠠᠭᠠᠬᠤ ᠵᠠᠰᠠᠭ ᠵᠠᠬᠢᠷᠭᠠᠨ ᠤ ᠰᠢᠢᠳᠭᠡᠯ ᠣᠯᠭᠤᠵᠤ᠂ 30% ᠠᠴᠠ ᠳᠡᠭᠡᠭᠰᠢ ᠬᠡᠲᠦᠷᠡᠭᠰᠡᠨ | ᠪᠠᠶᠢᠪᠠᠯ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠠᠴᠠ 3 ᠬᠤᠪᠢ ᠬᠠᠰᠣᠵᠣ᠂ 1000 ᠲᠥᠭᠦᠷᠢᠭ | ᠲᠤᠷᠭᠠᠬᠤ ᠵᠠᠰᠠᠭ ᠵᠠᠬᠢᠷᠭᠠᠨ ᠤ ᠰᠢᠢᠳᠭᠡᠯ ᠣᠯᠭᠤᠵᠤ᠂ 50% ᠠᠴᠠ ᠳᠡᠭᠡᠭᠰᠢ ᠬᠡᠲᠦᠷᠡᠭᠰᠡᠨ ᠪᠠᠶᠢᠪᠠᠯ ᠮᠠᠰᠢᠨ | ᠲᠡᠷᠭᠡᠨ ᠤ ᠵᠢᠯᠣᠭᠤᠴᠢ ᠶᠢᠨ ᠦᠨᠡᠮᠯᠡᠯ ᠠᠴᠠ 6 ᠬᠤᠪᠢ ᠬᠠᠰᠣᠵᠤ᠂ 2000 ᠲᠥᠭᠦᠷᠢᠭ ᠲᠤᠷᠭᠠᠬᠤ ᠵᠠᠰᠠᠭ | ᠵᠠᠬᠢᠷᠭᠠᠨ ᠤ ᠰᠢᠢᠳᠭᠡᠯ ᠣᠯᠭᠤᠨ᠎ᠠ᠃ | ᠭᠤᠷᠪᠠ᠂ ᠵᠠᠳᠠᠯᠵᠤ ᠪᠣᠯᠬᠤ ᠦᠭᠡᠶ ᠡᠳ᠋ ᠪᠠᠷᠠᠭ᠎ᠠ ᠲᠡᠭᠡᠭᠡᠪᠦᠷᠢᠯᠡᠬᠦ ᠳᠤ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠭᠰᠠᠨ ᠲᠡᠷᠭᠡ ᠬᠥᠰᠬᠡ ᠨᠦᠭᠦᠳ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ︽ | ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠬᠦ ᠲᠡᠷᠭᠡ ᠬᠥᠰᠬᠡ ᠶᠢᠨ ᠨᠡᠪᠲᠡᠷᠡᠬᠦ ᠦᠨᠡᠮᠯᠡᠯ︾ ᠲᠠᠢ ᠪᠠᠶᠢᠪᠠᠯ ᠰᠠᠶ᠋ᠢ | ᠶᠠᠪᠤᠭᠤᠯᠵᠤ ᠪᠣᠯᠤᠨ᠎ᠠ᠃ | ᠳᠥᠷᠪᠡ᠂ ᠲᠣᠮᠣ ᠬᠡᠯᠪᠡᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠪᠠᠷᠢᠯᠭ᠎ᠠ ᠪᠠᠷᠢᠬᠤ | ᠬᠤᠭᠤᠴᠠᠭᠠᠨ ᠳᠤ ᠬᠥᠳᠡᠭᠡ ᠲᠣᠰᠬᠤᠨ ᠤ ᠵᠠᠰᠠᠮᠠᠯ ᠵᠠᠮ ᠢᠶᠠᠷ ᠨᠡᠪᠲᠡᠷᠡᠬᠦ ᠴᠢᠬᠤᠯᠠ ᠲᠠᠢ ᠪᠣᠯ ᠵᠢᠭᠠᠨ ᠲᠣᠭᠲᠠᠭᠠᠭᠰᠠᠨ | ᠵᠠᠮ ᠱᠤᠭᠤᠮ ᠤᠨ ᠶᠣᠰᠣᠭᠠᠷ ᠶᠠᠪᠤᠭᠤᠯᠵᠤ᠂ ᠬᠢᠨᠠᠨ ᠪᠣᠳᠣᠬᠤ ᠲᠡᠭᠡᠭᠡᠪᠦᠷᠢ ᠶᠢᠨ ᠪᠠᠷᠢᠮᠵᠢᠶ᠎ᠠ ᠳᠤ ᠨᠡᠶᠢᠴᠡᠭᠦᠯᠬᠦ | ᠬᠡᠷᠡᠭᠲᠡᠶ᠃ ᠵᠠᠰᠠᠮᠠᠯ ᠵᠠᠮ ᠢ ᠡᠪᠳᠡᠭᠳᠡᠭᠰᠡᠨ ᠪᠠᠶᠢᠪᠠᠯ ᠰᠡᠯᠪᠢᠨ ᠵᠠᠰᠠᠬᠤ ᠪᠤᠶᠤ ᠬᠠᠤᠯᠢ ᠶᠣᠰᠣᠭᠠᠷ ᠨᠦᠬᠦᠪᠦᠷᠢ | ᠤᠯᠭᠤᠬᠤ ᠬᠡᠷᠡᠭᠲᠡᠢ᠃ ︽ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ | ᠠᠷᠭ᠎ᠠ︾ ︵ᠬᠤᠷᠢᠨ ᠵᠢᠷᠭᠤᠳᠤᠭᠠᠷ ᠵᠦᠢᠯ︶ | ᠲᠠᠪᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠦᠨᠳᠦ ᠠᠴᠢᠶᠠᠨ ᠤ ᠲᠡᠷᠭᠡ ᠬᠥᠰᠬᠡ ᠨᠢ ᠦᠨᠡᠨᠬᠦ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢᠶᠠᠷ ᠨᠡᠪᠲᠡᠷᠡᠬᠦ ᠴᠢᠬᠤᠯᠠᠲᠠᠶ ᠪᠣᠯ᠂ ᠪᠠᠷᠢᠯᠭ᠎ᠠ ᠪᠠᠷᠢᠭᠤᠯᠬᠤ | ᠨᠢᠭᠡᠴᠡ ᠨᠢ ᠲᠡᠷᠭᠡ ᠶᠠᠪᠤᠭᠤᠯᠬᠤ ᠵᠠᠮ ᠱᠤᠭᠤᠮ ᠢ ᠵᠦᠢ ᠵᠣᠬᠢᠰᠲᠠᠶ ᠲᠥᠯᠥᠪᠵᠢᠭᠦᠯᠦᠨ᠂ ᠲᠡᠷᠭᠡ ᠬᠥᠰᠬᠡ ᠶᠢᠨ | ᠳᠠᠭᠠᠭᠠᠴᠠ ᠶᠢ ᠡᠵᠡᠮᠳᠡᠵᠦ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠶᠠᠰᠤ ᠴᠢᠨᠠᠷ ᠤᠨ ᠠᠶᠤᠯ ᠦᠭᠡᠶ | ᠪᠠᠶᠢᠳᠠᠯ ᠳᠤ ᠦᠵᠡᠭᠦᠯᠬᠦ ᠨᠥᠯᠥᠭᠡ ᠶᠢ ᠪᠠᠭᠠᠰᠬᠠᠨ᠂ ᠪᠠᠷᠢᠯᠭ᠎ᠠ ᠪᠠᠷᠢᠬᠤ ᠠᠴᠠ ᠡᠮᠦᠨ᠎ᠡ ᠨᠡᠪᠲᠡᠷᠡᠬᠦ ᠵᠠᠮ ᠤᠨ | ᠬᠡᠰᠡᠭ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠶᠢᠨ ᠭᠤᠤᠯ | ᠴᠣᠭᠴᠠ ᠲᠠᠢ ᠵᠠᠰᠠᠨ ᠰᠡᠷᠭᠦᠭᠡᠬᠦ᠂ ᠨᠥᠬᠦᠪᠥᠷᠢ ᠥᠭᠬᠦ ᠵᠡᠷᠭᠡ ᠵᠥᠪᠳᠡᠯᠴᠡᠬᠡᠷ ᠲᠣᠭᠲᠠᠬᠤ ᠬᠡᠷᠡᠭᠲᠡᠶ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠦᠷᠢᠮ︾ ︵ | ᠭᠤᠴᠢᠨ ᠵᠢᠷᠭᠤᠳᠤᠭᠠᠷ ᠵᠦᠢᠯ︶ | ᠵᠢᠷᠭᠤᠭ᠎ᠠ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠵᠠᠰᠠᠮᠠᠯ ᠵᠠᠮ᠂ ᠵᠠᠰᠠᠮᠠᠯ ᠵᠠᠮ ᠤᠨ ᠬᠡᠷᠡᠭᠯᠡᠬᠦ ᠭᠠᠵᠠᠷ | ᠪᠣᠯᠤᠨ ᠵᠠᠰᠠᠮᠠᠯ ᠵᠠᠮ ᠤᠨ ᠳᠠᠭᠠᠯᠲᠠ ᠲᠦᠬᠦᠭᠡᠷᠦᠮᠵᠢ ᠶᠢ ᠡᠪᠳᠡᠵᠦ᠂ ᠬᠠᠤᠯᠢ ᠪᠤᠰᠤ ᠪᠠᠷ ᠡᠵᠡᠯᠡᠨ ᠬᠡᠷᠡᠭᠯᠡᠬᠦ ᠪᠤᠶᠤ | ᠬᠠᠤᠯᠢ ᠪᠤᠰᠤ ᠪᠠᠷ ᠠᠰᠢᠭᠯᠠᠵᠤ ᠪᠣᠯᠬᠤ ᠦᠭᠡᠶ᠃ ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ | ︵ᠶᠢᠰᠦᠳᠦᠭᠡᠷ ᠵᠦᠢᠯ︶ | ᠳᠣᠯᠤᠭ᠎ᠠ᠂ ᠵᠠᠰᠠᠮᠠᠯ ᠵᠠᠮ᠂ ᠵᠠᠰᠠᠮᠠᠯ ᠵᠠᠮ ᠤᠨ ᠳᠠᠭᠠᠯᠲᠠ ᠲᠦᠬᠦᠭᠡᠷᠦᠮᠵᠢ ᠶᠢ ᠡᠪᠳᠡᠭᠰᠡᠨ ᠨᠢᠭᠡᠴᠡ ᠪᠣᠯᠤᠨ | ᠬᠤᠪᠢ ᠬᠥᠮᠦᠨ ᠳᠠᠷᠦ᠋ᠢᠬᠠᠨ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠵᠦ᠂ ᠵᠠᠰᠠᠮᠠᠯ | ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠤᠬᠠᠶ ᠶᠢᠨ ᠲᠠᠯᠠᠪᠠᠶ ᠳᠤ ᠪᠠᠶᠢᠴᠠᠭᠠᠨ ᠰᠢᠢᠳᠪᠤᠷᠢᠯᠡᠬᠦ ᠶᠢ | ᠬᠦᠯᠢᠶᠡᠬᠦ ᠬᠡᠷᠡᠭᠲᠡᠶ᠃ ᠵᠠᠮ ᠬᠠᠷᠢᠯᠴᠠᠭᠠᠨ ᠤ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠤᠭᠰᠠᠨ ᠪᠣᠯ | ᠰᠡᠷᠡᠮᠵᠢᠯᠡᠭᠦᠯᠬᠦ ᠲᠡᠮᠳᠡᠭ ᠲᠠᠯᠪᠢᠬᠤ ᠪᠤᠶᠤ ᠠᠮᠤᠷ ᠲᠦᠪᠰᠢᠨ ᠤ ᠬᠠᠮᠠᠭᠠᠯᠠᠯᠲᠠ ᠶᠢᠨ ᠪᠤᠰᠤᠳ ᠠᠷᠭ᠎ᠠ ᠬᠡᠮᠵᠢᠶ᠎ᠡ | ᠠᠪᠬᠤ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠪᠤᠰᠢᠭᠤ ᠲᠦᠷᠭᠡᠨ ᠮᠡᠳᠡᠭᠦᠯᠬᠦ ᠬᠡᠷᠡᠭᠲᠡᠶ᠃ ︽ᠵᠠᠰᠠᠮᠠᠯ ᠵᠠᠮ ᠤᠨ ᠠᠮᠤᠷ ᠲᠦᠪᠰᠢᠨ ᠢ | ᠬᠠᠮᠠᠭᠠᠯᠠᠬᠤ ᠳᠦᠷᠢᠮ︾ ︵ᠳᠠᠯᠠᠨ ᠨᠢᠭᠡᠳᠦᠭᠡᠷ ᠵᠦᠢᠯ︶ | ᠨᠠᠢᠮᠠ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ | ᠲᠡᠪᠴᠢᠭᠰᠡᠨ ᠪᠤᠶᠤ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠣᠷᠭᠠᠭᠤᠯᠢ ᠶᠢᠨ ᠬᠠᠤᠯᠢ︾ | ᠶᠢᠨ ᠶᠣᠰᠣᠭᠠᠷ ᠰᠢᠢᠳᠪᠦᠷᠢᠯᠡᠨ᠎ᠡ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0479 — 2308076 | | | ᠠᠪᠠᠭ᠎ᠠ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | | 2024 ᠣᠨ ᠤ 3 ᠰᠠᠷ᠎ᠠ ᠶᠢᠨ 26 ᠤ ᠡᠳᠦᠷ |