ᠲᠠᠯᠡᠬᠡᠶᠢᠬᠤᠩᠭᠤᠷ ᠪᠦᠬᠦ ᠤᠯᠤᠰ ᠤᠨ ︽ᠨᠤᠳᠤᠭ ᠤᠨ ᠮᠠᠷᠬᠡᠵᠢᠯᠳᠠᠨ︾᠎ ᠢᠶᠠᠷ ᠰᠤᠩᠭᠤᠳᠠᠯ᠎ᠠ
ᠨᠡᠶᠢᠲᠡᠯᠡᠭᠰᠡᠨ ᠴᠠᠭ᠄
2024/3/29
     ᠲᠦᠷᠤᠬᠦᠬᠡᠨ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠠᠴᠠ ᠰᠢᠨ᠎ᠠ ᠨᠢᠬᠡᠨ ᠡᠬᠡᠯᠵᠢ ᠶᠢᠨ ᠪᠦᠬᠦ ᠤᠯᠤᠰ ᠤᠨ ᠲᠠᠷᠢᠶᠠᠯᠠᠩ ᠤᠨ ᠮᠠᠰᠢᠨ ᠬᠡᠷᠡᠭᠯᠡᠬᠦ ᠨᠢᠬᠡᠳᠤᠬᠡᠷ ᠹᠷᠤᠡᠲ ᠤᠨ ︽ᠨᠤᠳᠤᠭ ᠤᠨ ᠮᠠᠷᠬᠡᠵᠢᠯᠳᠠᠨ︾᠎ ᠤ ᠨᠠᠷᠡᠰ ᠢ ᠨᠠᠶᠢᠳᠠᠯᠠᠵᠤ᠂ ᠡᠬᠦᠨ ᠳᠤ᠂ ᠰᠢᠯᠢ  ᠭᠤᠤᠯ ᠠᠶᠢᠮᠠᠭ ᠤᠨ ᠠᠪᠠᠭ᠎ᠠ ᠬᠤᠰᠢᠭᠤᠨ ᠤ ᠴᠠᠭᠠᠡᠨᠠᠭᠤᠷ ᠪᠠᠯᠭᠠᠰᠤᠨ ᠎ ᠤ ᠪᠠᠶᠠᠡᠨᠠᠭᠤᠷ ᠭᠠᠴᠠᠭᠠᠨ ᠤ ᠮᠠᠯᠴᠢᠨ ᠲᠡᠯᠡᠬᠡᠶᠢᠬᠤᠩᠭᠤᠷ ᠰᠤᠩᠭᠤᠭᠳᠠᠭᠰᠡᠨ ᠪᠠᠶᠢᠨ᠎ᠠ᠃ ᠲᠡᠷᠡ ᠪᠠᠰᠠ 2023 ᠤᠨ ᠳᠤ ᠪᠦᠬᠦ ᠤᠯᠤᠰ ᠤᠨ ᠬᠦᠳᠡᠭᠡ ᠠᠵᠤ ᠠᠬᠤᠢ ᠬᠦᠳᠡᠭᠡ ᠲᠤᠰᠬᠤᠨ ᠤ ᠬᠦᠳᠡᠯᠮᠤᠷᠢ ᠶᠢᠨ ᠵᠢᠱᠢᠶᠠᠴᠢ᠂ 2021 ᠤᠨ ᠳᠤ ᠪᠦᠬᠦ ᠠᠶᠢᠮᠠᠭ ᠤᠨ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠵᠠᠯᠠᠭᠤᠴᠤᠳ ᠤᠨ ᠬᠤᠰᠢᠭᠤᠴᠢ ᠪᠠᠷ ᠦᠨᠡᠯᠡᠭᠳᠡᠵᠤ ᠪᠠᠶᠢᠪᠠ᠃      ᠲᠠᠯᠡᠬᠡᠶᠢᠬᠤᠩᠭᠤᠷ ᠮᠠᠯᠵᠢᠬᠤ ᠦᠢᠯᠡᠳᠪᠤᠷᠢᠯᠡᠯ ᠤᠨ ᠦᠢᠯᠡᠳᠤᠯᠬᠡ ᠲᠤᠮᠳᠠ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠤ᠂ ᠲᠤᠰᠬᠠᠢ ᠮᠠᠷᠬᠡᠵᠢᠯ ᠤᠨ ᠰᠤᠷᠤᠭᠰᠡᠨ ᠮᠡᠳᠡᠯᠬᠡ ᠪᠠᠨ ᠪᠠᠳᠠᠷᠠᠭᠤᠯᠤᠨ᠂ ᠨᠤᠳᠤᠭ ᠤᠨ ᠠᠬ᠎ᠠ ᠲᠡᠬᠦᠦ ᠨᠠᠷ ᠢᠶᠠᠨ ᠲᠠᠭᠠᠭᠤᠯᠤᠨ ᠰᠢᠡᠵᠢᠯᠡᠬᠦ ᠤᠬᠠᠭᠠᠡᠴᠢ ᠪᠠᠷ ᠪᠠᠶᠠᠵᠢᠬᠤ ᠰᠢᠨ᠎ᠠ ᠵᠠᠮ ᠢ ᠨᠡᠬᠡᠬᠡᠭᠰᠡᠨ ᠴᠢᠳᠠᠪᠤᠷᠢᠯᠢᠭ ᠵᠠᠯᠠᠭᠤ ᠶᠢᠨ ᠨᠢᠬᠡᠨ ᠪᠢᠯᠠ᠃ ᠲᠠᠷᠠᠪᠠᠷ 2012 ᠤᠨ ᠳᠤ ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠤᠨ ᠮᠠᠰᠢᠨ ᠮᠧᠬᠠᠨᠢᠭᠵᠢᠯᠳᠠ ᠵᠢᠴᠢ ᠠᠦ᠋ᠲ᠋ᠤᠴᠢᠯᠠᠯᠳᠠ ᠶᠢᠨ ᠲᠤᠰᠬᠠᠢ ᠮᠠᠷᠬᠡᠵᠢᠯ ᠢᠶᠠᠷ ᠲᠡᠬᠦᠰᠴᠤ᠂ 2015 ᠤᠨ ᠳᠤ ᠰᠢᠯᠢ ᠶᠢᠨ ᠭᠤᠤᠯ ᠠᠶᠢᠮᠠᠭ ᠤᠨ ︽ᠲᠠᠩᠰᠤᠭ ᠬᠠᠷᠠᠭ᠎ᠠ︾ ᠲᠠᠷᠢᠶᠠᠯᠠᠩ ᠮᠠᠯ ᠠᠵᠤ ᠠᠬᠤᠢ ᠶᠢᠨ ᠲᠧᠭᠨᠢᠭ ᠮᠠᠷᠬᠡᠵᠢᠯ ᠤᠨ ᠬᠢᠵᠠᠭᠠᠷᠳᠤ ᠺᠤᠮᠫᠠᠨᠢ ᠶᠢ ᠪᠠᠶᠢᠭᠤᠯᠵᠠᠢ᠃      ᠰᠤᠷᠴᠤ ᠡᠵᠡᠮᠰᠢᠵᠤ ᠰᠤᠳᠤᠯᠵᠤ ᠨᠢᠭᠳᠠᠯᠠᠬᠤ ᠶᠢ ᠪᠠᠷᠢᠮᠳᠠᠯᠠᠵᠤ ᠶᠠᠪᠤᠳᠠᠭ ᠠᠵᠢᠭᠴᠢ ᠰᠢᠭᠤᠷᠬᠠᠢ ᠲᠠᠯᠡᠬᠡᠶᠢᠬᠤᠩᠭᠤᠷ ᠴᠠᠭ ᠦᠶ᠎ᠠ ᠲᠠᠢ ᠵᠤᠬᠢᠴᠠᠭᠤᠯᠤᠨ ᠵᠤᠷᠢᠭᠳᠡᠢ ᠰᠦᠪᠡᠭᠴᠢᠯᠠᠯᠳᠠ ᠰᠢᠨᠠᠴᠢᠯᠠᠯᠳᠠ ᠬᠢᠵᠤ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠳᠤ ᠨᠢᠬᠡ ᠮᠦᠷᠤᠨ ᠤ ᠬᠦᠴᠤᠨ ᠢᠶᠠᠨ ᠡᠷᠬᠦᠭᠰᠡᠬᠡᠷ ᠢᠷᠡᠪᠡ᠃ ᠲᠠᠷᠠᠪᠠᠷ ᠦᠢᠯᠡᠳᠤᠯᠬᠡ ᠪᠠ ᠰᠤᠷᠤᠭᠰᠡᠨ ᠮᠠᠳᠡᠯᠬᠡ ᠲᠠᠢ ᠪᠠᠨ ᠤᠶᠠᠯᠳᠤᠭᠤᠯᠤᠨ᠂ ᠮᠠᠯᠵᠢᠬᠤ ᠦᠢᠯᠡᠳᠪᠤᠷᠢᠯᠡᠯ ᠳᠤ ᠬᠡᠷᠡᠭᠴᠡᠭᠡ ᠎ ᠲᠠᠢ ᠪᠠᠯᠴᠢᠬᠡᠷ ᠤᠨ ᠬᠢᠨᠡᠭᠤᠷ ᠲᠤᠷᠠᠨ᠂ ᠬᠤᠳᠳᠤᠭ ᠤᠨ ᠠᠯᠤᠰ ᠡᠵᠡᠮᠳᠡᠬᠦᠷ᠂ ᠤᠯᠠᠨ ᠬᠡᠷᠡᠭᠴᠡᠬᠡᠳᠤ ᠦᠬᠡᠷ ᠲᠡᠵᠢᠬᠡᠬᠦ ᠲᠦᠬᠦᠬᠡᠷᠤᠮᠵᠢ ᠵᠡᠷᠬᠡ 10 ᠵᠥᠢᠯ ᠤᠨ ᠮᠠᠰᠢᠨ ᠲᠦᠬᠦᠬᠡᠷᠤᠮᠵᠢ ᠶᠢ ᠰᠤᠳᠤᠯᠤᠨ ᠪᠦᠳᠤᠬᠡᠬᠡᠳ ᠲᠡᠳᠡᠬᠡᠷ ᠎ ᠨᠢ ᠲᠤᠰ ᠲᠤᠰ ᠤᠯᠤᠰ ᠤᠨ ᠲᠤᠰᠬᠠᠢ ᠠᠰᠢᠭ ᠤᠨ ᠡᠷᠬᠡ ᠶᠢ ᠤᠯᠵᠠᠢ᠃ ᠲᠡᠬᠦᠨ ᠤ ᠰᠢᠨ᠎ᠠ ᠡᠬᠦᠳᠤᠯᠳᠠ ᠪᠠ ᠰᠤᠳᠤᠯᠤᠨ ᠪᠦᠳᠤᠬᠡᠯᠳᠡ ᠨᠢ ᠴᠦᠮ ᠮᠠᠯᠵᠢᠬᠤ ᠦᠢᠯᠡᠳᠪᠤᠷᠢᠯᠡᠯ ᠲᠠᠢ ᠨᠢᠭᠳᠠ ᠬᠤᠯᠪᠤᠭ᠎ᠠ ᠲᠠᠢ ᠪᠠᠶᠢᠵᠤ᠂ ᠰᠢᠨ᠎ᠠ ᠮᠡᠷᠬᠡᠵᠢᠯ ᠢ ᠨᠢ ᠮᠠᠯᠵᠢᠬᠤ ᠦᠢᠯᠡᠳᠪᠤᠷᠢᠯᠡᠯ ᠳᠤ ᠲᠦᠬᠡᠮᠡᠯ ᠬᠡᠷᠡᠭᠯᠡᠵᠤ᠂ ᠮᠠᠯᠵᠢᠬᠤ ᠦᠢᠯᠡᠳᠪᠤᠷᠢᠯᠡᠯ ᠤᠨ ᠦᠪᠡᠷ ᠤᠨ ᠦᠷᠳᠡᠭ ᠢ ᠬᠠᠮᠤᠭ ᠤᠨ ᠶᠡᠭᠡ ᠬᠡᠮᠵᠢᠶ᠎ᠠ ᠪᠠᠷ ᠪᠠᠭᠠᠰᠬᠠᠵᠤ᠂ ᠤᠳᠤ ᠪᠤᠯᠳᠠᠯ᠎ᠠ 1000 ᠭᠠᠷᠤᠢ ᠮᠠᠯᠵᠢᠬᠤ ᠡᠷᠤᠬᠡ ᠲᠡᠬᠦᠨ ᠤ ᠮᠠᠰᠢᠨ ᠲᠦᠬᠦᠬᠡᠷᠤᠮᠵᠢ ᠶᠢ ᠬᠡᠷᠡᠭᠯᠡᠬᠡᠳ ᠦᠷ᠎ᠠ ᠠᠰᠢᠭ ᠢ ᠨᠢ ᠬᠦᠷᠳᠡᠭᠰᠡᠨ ᠪᠠᠶᠢᠳᠠᠭ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ ᠤ ᠮᠤᠩᠭᠤᠯ ᠰᠣᠨᠢᠨ ᠤ ᠵᠢᠷᠬᠢᠶ᠎ᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号