ᠬᠡᠤᠬᠡᠳ ᠤᠨ ᠰᠡᠳᠬᠢᠯ ᠪᠠᠶᠠᠰᠬᠠᠭᠰᠠᠨ ᠨᠠᠶᠢᠳᠠ ᠶᠢᠨ ᠠᠰᠠᠷᠠᠮᠵᠢ ᠶᠢᠨ ᠬᠢᠴᠢᠶᠠᠯ ᠤᠨ ᠲᠠᠩᠬᠢᠮ
ᠨᠡᠶᠢᠲᠡᠯᠡᠭᠰᠡᠨ ᠴᠠᠭ᠄
2024/3/5
     ︽ᠨᠠᠶᠢᠳᠠ ᠶᠢᠨ ᠠᠰᠠᠷᠠᠮᠵᠢ ᠶᠢᠨ ᠡᠨᠡᠬᠦ ᠬᠢᠴᠢᠶᠠᠯ ᠤᠨ ᠲᠠᠩᠬᠢᠮ ᠮᠠᠰᠢ ᠰᠠᠶᠢᠬᠠᠨ ᠶᠤᠮ ᠡ᠂ ᠶᠡᠭᠡ ᠰᠤᠷᠭᠠᠭᠤᠯᠢ ᠶᠢᠨ ᠤᠶᠤᠳᠠᠳ ᠬᠢᠴᠢᠶᠠᠯ ᠵᠢᠭᠠᠵᠤ ᠬᠠᠪᠰᠤᠷᠤᠨ ᠵᠢᠯᠤᠭᠤᠳᠴᠤ ᠪᠠᠶᠢᠨ᠎ᠠ᠂ ᠪᠠᠰᠠ ᠦᠷ᠎ᠠ ᠬᠤᠷᠠᠭ ᠤᠨ ᠬᠡᠤᠬᠡᠳ ᠤᠳ ᠬᠠᠮᠳᠤ ᠪᠠᠷ ᠰᠤᠷᠤᠯᠴᠠᠵᠤ᠂ ᠬᠠᠮᠳᠤ ᠲᠤᠭᠯᠠᠴᠢᠬᠠᠨ᠎ᠠ᠃ ᠠᠯᠪᠠᠨ ᠠᠵᠢᠯ ᠶᠠᠭᠠᠷᠠᠤ ᠨᠦᠬᠦᠷ ᠪᠢᠳᠠ ᠬᠤᠶᠠᠭᠤᠯᠠ ᠶᠢᠨ ᠴᠢᠯᠤᠬᠡ ᠲᠠᠯᠪᠢᠭᠰᠡᠨ ᠬᠡᠤᠬᠡᠳ ᠢᠶᠠᠨ ᠠᠰᠠᠷᠠᠵᠤ ᠬᠠᠷᠠᠭᠠᠯᠵᠠᠬᠤ ᠵᠦᠪᠠᠨᠢᠯ ᠢ ᠴᠤ ᠰᠢᠢᠳᠪᠤᠷᠢᠯᠠᠵᠤ ᠦᠭᠬᠦᠯ᠎ᠠ ᠰᠢᠤ︾ ᠬᠡᠵᠤ ᠲᠦᠷᠪᠡᠳᠤᠬᠡᠷ ᠤᠨ ᠤ ᠵᠠᠩ ᠰᠢᠨ ᠢ ᠶᠢᠨ ᠬᠡᠷ ᠤᠨ ᠠᠬᠠᠮᠠᠳ ᠸᠠᠩ ᠰᠢᠶᠤᠤ ᠹᠠᠨᠭ᠌ ᠪᠠᠶᠠᠷᠳᠠᠶᠢᠬᠠᠨ ᠶᠠᠷᠢᠨ᠎ᠠ᠃      ᠪᠠᠭᠠᠴᠤᠳ ᠬᠡᠤᠬᠡᠳ ᠤᠨ ᠡᠳᠤᠷ ᠪᠦᠷᠢ ᠶᠢᠨ ᠰᠤᠷᠤᠯᠭ᠎ᠠ ᠶᠢᠨ ᠬᠡᠷᠡᠭᠴᠡᠭᠡ ᠶᠢ ᠬᠠᠩᠭᠠᠵᠤ᠂ ᠬᠡᠷ ᠤᠨ ᠠᠬᠠᠮᠠᠳ ᠢ ᠬᠠᠪᠰᠤᠷᠤᠨ ᠲᠠᠰᠬᠠᠯ ᠵᠢᠯᠤᠭᠤᠳᠬᠤ ᠪᠤᠯᠤᠨ ᠬᠠᠷᠠᠵᠤ ᠬᠠᠷᠠᠭᠠᠯᠵᠠᠬᠤ ᠲᠠᠷᠤᠭᠠᠰᠤ ᠶᠢ ᠨᠢ ᠬᠦᠩᠬᠡᠷᠡᠬᠦᠯᠬᠦ ᠎ ᠶᠢᠨ ᠲᠦᠯᠤᠬᠡ᠂ ᠡᠨ᠋ᠨ ᠡᠪᠤᠯ ᠤᠨ ᠠᠮᠠᠷᠠᠯᠳᠠ ᠳᠤ᠂ ᠠᠪᠠᠭ᠎ᠠ ᠬᠤᠰᠢᠭᠤᠨ ᠤ ᠨᠠᠶᠢᠳᠠ ᠶᠢᠨ ᠠᠰᠠᠷᠠᠮᠵᠢ ᠶᠢᠨ ᠬᠢᠴᠢᠶᠠᠯ ᠤᠨ ᠲᠠᠩᠬᠢᠮ ᠮᠦᠡᠬᠦ ᠪᠤᠯᠵᠤᠭ᠎ᠠ ᠶᠤᠰᠤᠭᠠᠷ ᠬᠢᠴᠢᠶᠠᠯ ᠢᠶᠠᠨ ᠡᠬᠢᠯᠡᠬᠦᠯᠵᠤ᠂ ᠬᠡᠤᠬᠡᠳ ᠤᠨ ᠡᠪᠤᠯ ᠤᠨ ᠠᠮᠠᠷᠠᠯᠳᠠ ᠶᠢ ᠨᠠᠩ ᠤᠳᠬ᠎ᠠ ᠲᠡᠬᠦᠯᠳᠡᠷ᠂ ᠵᠤᠭ᠎ᠠ ᠴᠠᠩᠬᠡᠯ ᠲᠠᠢ ᠪᠤᠯᠭᠠᠭᠰᠡᠨ ᠪᠢᠯᠠ᠃      ᠠᠪᠠᠭ᠎ᠠ ᠬᠤᠰᠢᠭᠤᠨ ᠤ ᠠᠵᠢᠯ ᠮᠠᠷᠬᠡᠵᠢᠯ ᠤᠨ ᠰᠤᠷᠭᠠᠨ ᠬᠦᠮᠤᠵᠢᠯ ᠤᠨ ᠶᠠᠷᠤᠩᠬᠡᠶᠢᠯᠡᠭᠰᠡᠨ ᠦᠢᠯᠡᠴᠢᠯᠡᠬᠡᠨ ᠤ ᠲᠦᠪ ᠲᠤ ᠬᠦᠷᠬᠦ ᠳᠤ ᠪᠠᠭ᠎ᠠ ᠰᠤᠷᠭᠠᠭᠤᠯᠢ ᠶᠢᠨ ᠨᠢᠬᠡ ᠠᠴᠠ ᠲᠦᠷᠪᠡᠳᠤᠬᠡᠷ ᠤᠨ ᠬᠦᠷᠳᠡᠯᠡᠬᠢ ᠬᠡᠤᠬᠡᠳ ᠤᠳ  ᠎ ᠤᠨ ᠨᠤᠮ ᠤᠩᠰᠢᠬᠤ ᠲᠠᠭᠤᠨ ᠬᠠᠩᠬᠢᠨᠠᠳᠠᠯ᠎ᠠ ᠰᠤᠨᠤᠰᠳᠠᠵᠤ᠂ ᠰᠡᠳᠬᠢᠯ ᠲᠦᠪᠯᠡᠷᠡᠬᠦᠯᠤᠨ ᠵᠢᠷᠤᠭ ᠵᠢᠷᠤᠬᠤ᠂ ᠴᠠᠭᠠᠰᠤᠨ ᠬᠠᠶᠢᠴᠢᠯᠠᠮᠠᠯ ᠬᠠᠶᠢᠴᠢᠯᠠᠬᠤ᠂ ᠲᠠᠰᠬᠠᠯ ᠲᠠᠭᠠᠭᠠᠯᠭᠠᠪᠤᠷᠢ ᠪᠠᠨ ᠬᠦᠢᠴᠡᠳᠬᠡᠬᠦ ᠨᠢ ᠬᠠᠷᠠᠭᠳᠠᠨ᠎ᠠ᠃ ᠡᠨ᠋ᠨ ᠵᠢᠯ ᠪᠤᠯ ᠠᠪᠠᠭ᠎ᠠ ᠬᠤᠰᠢᠭᠤᠨ ᠤ ᠡᠪᠯᠡᠯ ᠤᠨ ᠬᠤᠷᠢᠶ᠎ᠠ ᠨᠢ ᠬᠤᠰᠢᠭᠤ ᠠᠷᠡᠳ ᠤᠨ ᠶᠠᠪᠤᠳᠠᠯ ᠤᠨ ᠲᠤᠪᠴᠢᠶ᠎ᠠ᠂ ᠰᠢᠯᠢ ᠶᠢᠨ ᠭᠤᠤᠯ ᠠᠶᠢᠮᠠᠭ ᠤᠨ ᠯᠠᠨ ᠬᠠᠢ ᠨᠠᠶᠢᠬᠡᠮ ᠤᠨ ᠠᠵᠢᠯ ᠤᠨ ᠦᠢᠯᠡᠴᠢᠯᠡᠬᠡᠨ ᠤ ᠲᠦᠪ ᠲᠠᠢ ᠬᠠᠮᠳᠤᠷᠠᠨ ᠡᠷᠬᠢᠯᠡᠭᠰᠡᠨ ᠲᠤᠯᠤᠭᠠᠨ ᠦᠩᠬᠡᠳᠤ ᠠᠮᠠᠷᠠᠯᠳᠠ ᠶᠢᠨ ᠬᠤᠭᠤᠴᠠᠭᠠᠨ ᠤ ︽ᠪᠢᠴᠢᠬᠠᠨ ᠠᠨᠠᠷ ᠤᠨ ᠦᠷ᠎ᠠ︾ ᠨᠠᠶᠢᠳᠠ ᠶᠢᠨ ᠠᠰᠠᠷᠠᠮᠵᠢ ᠶᠢᠨ ᠬᠢᠴᠢᠶᠠᠯ ᠤᠨ ᠲᠠᠩᠬᠢᠮ ᠤᠨ ᠭᠤᠷᠪᠠᠳᠡᠬᠢ ᠵᠢᠯ ᠪᠤᠯᠤᠨ᠎ᠠ᠃ ᠡᠨ᠋ᠨ ᠵᠢᠯ ᠤᠨ ᠡᠪᠤᠯ ᠤᠨ ᠠᠮᠠᠷᠠᠯᠳᠠ ᠎ ᠪᠠᠷ ︽ᠨᠤᠳᠤᠭ ᠲᠠᠭᠠᠨ ᠪᠤᠴᠠᠭᠰᠡᠨ︾ 3 ᠤᠶᠤᠳᠠᠨ ᠰᠠᠶᠢᠨ ᠲᠤᠷᠠᠴᠤᠤᠯ ᠢ ᠡᠯᠰᠡᠵᠤ᠂ 18 ᠪᠠᠭ᠎ᠠ ᠰᠤᠷᠭᠠᠭᠤᠯᠢ ᠎ ᠶᠢᠨ ᠰᠤᠷᠤᠭᠴᠢ ᠳᠤ ᠬᠢᠴᠢᠶᠠᠯ ᠤᠷᠤᠭᠤᠯᠤᠭᠰᠡᠨ ᠶᠤᠮ᠃      ᠨᠠᠶᠢᠳᠠ ᠶᠢᠨ ᠠᠰᠠᠷᠠᠮᠵᠢ ᠶᠢᠨ ᠬᠢᠴᠢᠶᠠᠯ ᠤᠨ ᠲᠠᠩᠬᠢᠮ ᠨᠢ ᠠᠮᠢᠳᠤᠷᠠᠯ ᠤᠨ ᠤᠷ᠎ᠠ ᠴᠢᠳᠠᠪᠤᠷᠢ᠂ ᠤᠷᠠᠨ ᠵᠢᠷᠤᠭ ᠴᠠᠭᠠᠰᠤᠨ ᠬᠠᠶᠢᠴᠢᠯᠠᠮᠠᠯ᠂ ᠠᠮᠤᠷ ᠲᠦᠪᠰᠢᠨ ᠢᠶᠠᠷ ᠦᠪᠡᠷ ᠢ ᠪᠠᠨ ᠬᠠᠮᠠᠭᠠᠯᠠᠬᠤ᠂ ᠬᠡᠯᠡ ᠶᠠᠷᠢᠶᠠᠨ ᠤ ᠴᠢᠳᠠᠪᠤᠷᠢ ᠶᠢᠨ ᠪᠤᠯᠪᠠᠰᠤᠷᠠᠯ᠂ ᠬᠠᠤᠯᠢ ᠲᠦᠬᠡᠮᠡᠯᠵᠢᠬᠦᠯᠬᠦ ᠬᠦᠮᠤᠵᠢᠯ᠂ ᠰᠡᠳᠬᠢᠴᠠ ᠶᠢᠨ ᠡᠷᠡᠬᠦᠯ ᠮᠠᠡᠳᠤ᠂ ᠬᠢᠴᠢᠶᠠᠯ ᠰᠤᠷᠤᠯᠭ᠎ᠠ ᠶᠢᠨ ᠵᠢᠯᠤᠭᠤᠳᠤᠯᠭ᠎ᠠ᠂ ᠬᠢᠴᠢᠶᠠᠯ ᠤᠨ ᠭᠠᠳᠠᠨᠠᠬᠢ ᠲᠤᠭᠤᠷᠢᠨ ᠦᠵᠡᠬᠦ ᠦᠢᠯᠡᠳᠤᠯᠬᠡ ᠵᠡᠷᠬᠡ ᠪᠠᠶᠠᠯᠢᠭ ᠰᠠᠶᠢᠬᠠᠨ ᠬᠢᠴᠢᠶᠠᠯ ᠤᠨ ᠠᠭᠤᠯᠭ᠎ᠠ ᠶᠢ ᠲᠤᠬᠢᠷᠠᠭᠤᠯᠤᠨ᠂ ᠬᠡᠤᠬᠡᠳ ᠤᠳ ᠲᠤ ᠲᠠᠭᠠᠯᠠᠮᠵᠢᠳᠡᠢ ᠤᠷᠴᠢᠨ ᠳᠤ ᠰᠤᠷᠤᠯᠴᠠᠬᠤ ᠨᠦᠬᠦᠴᠠᠯ ᠢ ᠬᠠᠩᠭᠠᠨ᠂ ᠪᠠᠶᠠᠷ ᠪᠠᠶᠠᠰᠤᠯ ᠤᠨ ᠲᠤᠮᠳᠠ ᠰᠤᠷᠤᠯᠴᠠᠯᠭ᠎ᠠ ᠪᠠᠨ ᠪᠠᠳᠤᠳᠬᠠᠬᠤ ᠠᠭᠤᠷ ᠠᠮᠢᠰᠬᠤᠯ ᠢ ᠪᠤᠢ ᠪᠤᠯᠭᠠᠵᠠᠢ᠃ ︽ᠪᠢ ᠡᠶᠢᠮᠤᠷᠬᠦ ᠬᠢᠴᠢᠶᠠᠯ ᠳᠤ ᠲᠤᠷᠠᠳᠡᠢ᠂ ᠵᠤᠨ ᠤ ᠠᠮᠠᠷᠠᠯᠳᠠ ᠳᠤ ᠪᠠᠰᠠ ᠨᠠᠷ᠎ᠠ ᠮᠠᠳᠡᠬᠦᠯᠤᠨ᠎ᠠ︾ ᠬᠡᠵᠤ ᠨᠢᠬᠡᠳᠤᠬᠡᠷ ᠤᠨ ᠤ ᠰᠤᠷᠤᠭᠴᠢ ᠲᠢᠶᠠᠨ ᠰᠢᠨ ᠪᠠᠶᠠᠷᠳᠠᠶᠢᠬᠠᠨ ᠶᠠᠷᠢᠨ᠎ᠠ᠃      2022 ᠤᠨ ᠠᠴᠠ ᠡᠬᠢᠯᠡᠨ᠂ ᠠᠪᠠᠭ᠎ᠠ ᠬᠤᠰᠢᠭᠤ ᠵᠢᠯ ᠪᠦᠷᠢ ᠰᠤᠷᠤᠭᠴᠢᠳ ᠤᠨ ᠡᠪᠤᠯ ᠵᠤᠨ ᠤ ᠠᠮᠠᠷᠠᠯᠳᠠ ᠶᠢᠨ ︽ᠰᠢᠵᠢᠷ ᠠᠯᠳᠠᠨ ᠴᠠᠭ︾᠎ ᠢ ᠠᠰᠢᠭᠯᠠᠵᠤ᠂ ᠠᠰᠫᠢᠷᠠᠡᠲ ᠤᠨ ᠰᠠᠶᠢᠨ ᠲᠤᠷ᠎ᠠ ᠶᠢᠨ ᠦᠢᠯᠡᠴᠢᠯᠡᠬᠡᠨ ᠎ ᠤ ᠰᠤᠷᠭᠠᠨ ᠬᠦᠮᠤᠵᠢᠯ ᠢ ᠲᠠᠮᠵᠢᠬᠦ ᠪᠦᠯᠬᠦᠮ᠂ ᠤᠶᠤᠳᠠᠨ ᠰᠢᠯᠢᠳᠡᠭ ᠪᠠᠭᠰᠢ ᠶᠢᠨ ᠬᠦᠴᠤᠨ ᠳᠤ ᠲᠦᠰᠢᠭᠯᠡᠨ᠂ ᠤᠯᠠᠨ ᠰᠢᠡᠵᠢᠯᠡᠬᠡᠨ ᠤ ᠰᠠᠯᠠᠭ᠎ᠠ᠂ ᠪᠦᠷᠢᠨ ᠦᠢᠯᠡᠳᠤᠯᠬᠡ ᠶᠢᠨ ᠬᠢᠴᠢᠶᠠᠯ ᠢᠶᠠᠷ ᠬᠠᠪᠰᠤᠷᠤᠮᠵᠢ ᠪᠤᠯᠭᠠᠵᠤ᠂ ᠬᠡᠤᠬᠡᠳ ᠎ ᠤᠳ ᠲᠤ ᠰᠢᠨ᠎ᠠ ᠰᠠᠪᠡᠬᠦᠨ ᠠᠮᠠᠷᠠᠯᠳᠠ ᠶᠢᠨ ᠬᠤᠭᠤᠴᠠᠭᠠᠨ ᠤ ᠰᠤᠷᠤᠯᠭ᠎ᠠ ᠶᠢᠨ ᠠᠮᠢᠳᠤᠷᠡᠯ ᠬᠠᠩᠭᠠᠬᠤ ᠪᠤᠯᠤᠭᠰᠡᠨ᠃ ᠡᠶᠢᠡᠬᠦ ᠨᠠᠶᠢᠳᠠ ᠶᠢᠨ ᠠᠰᠠᠷᠠᠮᠵᠢ ᠶᠢᠨ ᠬᠢᠴᠢᠶᠠᠯ ᠤᠨ ᠲᠠᠩᠬᠢᠮ ᠢ ᠨᠢᠬᠡᠨᠳᠡ 3 ᠬᠤᠭᠤᠴᠠᠭ᠎ᠠ ᠡᠷᠬᠢᠯᠡᠵᠤ᠂ 20 ᠭᠠᠷᠤᠢ ᠤᠶᠤᠳᠠᠨ ᠰᠠᠶᠢᠨ ᠲᠤᠷᠠᠴᠤᠤᠯ ᠤᠷᠢᠳ ᠬᠤᠵᠢᠳ 100 ᠭᠠᠷᠤᠢ ᠬᠡᠤᠬᠡᠳ ᠲᠤ ᠦᠢᠯᠡᠴᠢᠯᠡᠭᠡ ᠬᠠᠩᠭᠠᠭᠰᠡᠨ ᠪᠠᠶᠢᠳᠠᠭ᠃      ︽ᠨᠤᠳᠤᠭ ᠲᠠᠭᠠᠨ ᠪᠤᠴᠠᠭᠰᠡᠨ ᠤᠶᠤᠳᠠᠳ ᠤᠨ ᠨᠠᠶᠢᠬᠡᠮ ᠤᠨ ᠦᠢᠯᠡᠳᠤᠯᠬᠡ ᠨᠢ ᠰᠤᠷᠭᠠᠭᠤᠯᠢ ᠳᠤ ᠪᠠᠶᠢᠭ᠎ᠠ ᠤᠶᠤᠳᠠᠳ ᠲᠤ ᠨᠤᠳᠤᠭ ᠤᠰᠤᠨ ᠳᠤ ᠪᠠᠨ ᠲᠠᠪᠳᠠᠨ ᠪᠤᠯᠪᠠᠰᠤᠷᠠᠬᠤ ᠠᠵᠠ ᠲᠤᠬᠢᠶᠠᠯ ᠪᠤᠯᠵᠤ᠂ ᠪᠠᠰᠠᠴᠤ ᠨᠢᠬᠡ ᠤᠳᠠᠭᠠᠨ ᠤ ᠬᠤᠪᠤᠷ ᠨᠠᠡᠳᠢᠨ ᠦᠩᠬᠡᠷᠡᠯᠳᠠ ᠪᠤᠯᠤᠨ᠎ᠠ᠂ ᠦᠢᠯᠡᠳᠤᠯᠬᠡ ᠪᠠᠨ ᠪᠠᠶᠠᠯᠢᠭᠵᠢᠭᠤᠯᠵᠤ᠂ ᠮᠠᠳᠡᠯᠬᠡ ᠴᠢᠳᠠᠪᠤᠷᠢ ᠪᠠᠨ ᠨᠡᠮᠡᠭᠳᠡᠬᠦᠯᠬᠦ ᠪᠠᠷ ᠪᠠᠷᠠᠬᠤ ᠦᠬᠡᠢ ᠪᠠᠰᠠ ᠢᠷᠡᠬᠡᠳᠤᠢ ᠶᠢᠨ ᠠᠵᠢᠯ ᠮᠠᠷᠬᠡᠵᠢᠯ ᠤᠨ ᠬᠦᠭᠵᠢᠯᠳᠠ ᠶᠢᠨ ᠴᠢᠭᠯᠡᠯ ᠳᠤ ᠰᠢᠨ᠎ᠠ ᠦᠢᠯᠠᠭᠠᠯᠳᠠ ᠪᠠ ᠪᠠᠶᠢᠷᠢ ᠲᠤᠭᠳᠠᠭᠠᠯᠳᠠ ᠲᠠᠢ ᠪᠤᠯᠵᠤ ᠴᠢᠳᠠᠨ᠎ᠠ︾ ᠬᠡᠵᠤ ᠨᠤᠳᠤᠭ ᠲᠠᠭᠠᠨ ᠬᠠᠷᠢᠵᠤ ᠲᠠᠳᠤᠯᠭ᠎ᠠ ᠬᠢᠵᠤ ᠪᠠᠶᠢᠭ᠎ᠠ ᠤᠶᠤᠳᠠᠨ ᠤᠷᠠᠡᠳᠤᠭᠤᠰ ᠤᠴᠢᠷᠯᠠᠨ᠎ᠠ᠃      ᠲᠠᠷᠠᠭᠠᠴᠢ ᠶᠢᠨ ᠠᠯᠬᠤᠮ ᠳᠤ᠂ ᠠᠪᠠᠭ᠎ᠠ ᠬᠤᠰᠢᠭᠤ ᠵᠤᠬᠢᠶᠠᠨ ᠪᠠᠶᠢᠭᠤᠯᠤᠯᠳᠠ ᠶᠢᠨ ᠲᠠᠪᠠᠭᠤᠯᠢᠭ ᠢᠶᠠᠨ ᠦᠷᠬᠦᠯᠵᠢᠯᠡᠨ ᠪᠠᠳᠠᠷᠠᠭᠤᠯᠵᠤ᠂ ︽ᠰᠤᠷᠭᠠᠨ ᠬᠦᠮᠤᠵᠢᠯ ᠬᠦᠷᠳᠡᠬᠦ᠂ ᠡᠷᠳᠡᠮ ᠴᠢᠳᠠᠪᠤᠷᠢ ᠪᠠᠨ ᠲᠡᠬᠡᠭᠰᠢᠯᠡᠬᠦᠯᠬᠦ᠂ ᠬᠤᠪᠢ ᠨᠠᠮᠠᠷᠢ ᠦᠵᠡᠬᠦᠯᠬᠦ︾ ᠵᠤᠷᠢᠯᠳᠠ ᠶᠢ ᠪᠠᠷᠢᠮᠳᠠᠯᠠᠵᠤ᠂ ᠤᠶᠤᠳᠠᠳ ᠤᠨ ︽ᠨᠤᠳᠤᠭ ᠲᠠᠭᠠᠨ ᠪᠤᠴᠠᠬᠤ︾ ᠨᠠᠶᠢᠬᠡᠮ ᠤᠨ ᠦᠢᠯᠡᠳᠤᠯᠬᠡ ᠶᠢᠨ ᠠᠵᠢᠯᠯᠠᠭ᠎ᠠ ᠶᠢ ᠦᠷᠬᠦᠯᠵᠢᠯᠡᠨ ᠬᠦᠡᠵᠡᠬᠡᠶᠢᠷᠡᠬᠦᠯᠵᠤ᠂ ᠤᠶᠤᠳᠠᠳ ᠤᠨ ᠨᠤᠳᠤᠭ ᠤᠰᠤ ᠲᠠᠢ ᠪᠠᠨ ᠬᠤᠯᠪᠤᠭᠠᠯᠠᠨ ᠬᠦᠳᠡᠯᠤᠯᠴᠠᠬᠦ ᠦᠢᠯᠡᠳᠤᠯᠬᠡ ᠶᠢᠨ ᠲᠠᠪᠴᠠᠩ ᠢ ᠰᠠᠶᠢᠳᠤᠷ ᠪᠠᠶᠢᠭᠤᠯᠵᠤ᠂ ᠨᠤᠳᠤᠭ ᠎ ᠲᠠᠭᠠᠨ ᠪᠤᠴᠠᠭᠰᠡᠨ ᠤᠶᠤᠳᠠᠳ ᠤᠨ ᠰᠠᠨᠠᠭᠠᠴᠢᠯᠠᠭ᠎ᠠ ᠠᠴᠠ ᠪᠠᠨ ᠨᠤᠳᠤᠭ ᠤᠰᠤᠨ ᠤ ᠪᠠᠨ ᠪᠦᠳᠤᠬᠡᠨ ᠪᠠᠶᠢᠭᠤᠯᠤᠯᠳᠠ ᠳᠤ ᠤᠷᠤᠯᠴᠠᠬᠤ ᠶᠢ ᠬᠦᠳᠤᠯᠤᠨ ᠵᠢᠯᠤᠭᠤᠳᠴᠤ᠂ ᠬᠤᠪᠢ ᠬᠦᠮᠤᠨ ᠤ ᠦᠪᠡᠷ ᠤᠨ ᠦᠷᠳᠡᠭ ᠢᠶᠠᠨ ᠪᠠᠳᠠᠷᠠᠭᠤᠯᠬᠤ ᠪᠠ ᠨᠤᠳᠤᠭ ᠤᠰᠤᠨ ᠤ ᠪᠠᠨ ᠴᠢᠨᠡᠷ ᠰᠠᠶᠢᠳᠡᠢ ᠬᠦᠭᠵᠢᠯᠳᠠ ᠶᠢ ᠠᠬᠢᠭᠤᠯᠬᠤ ᠶᠢ ᠣᠶᠠᠯᠳᠤᠭᠤᠯᠵᠤ᠂ ᠪᠤᠳᠠᠳᠤ ᠠᠵᠢᠯᠯᠠᠭ᠎ᠠ ᠪᠠᠷ ᠢᠶᠠᠨ ᠵᠠᠯᠠᠭᠤ ᠨᠠᠰᠤᠨ ᠤ ᠬᠦᠴᠤᠨ ᠴᠢᠳᠠᠯ ᠢᠶᠠᠨ ᠡᠷᠬᠦᠵᠤ᠂ ᠬᠤᠪᠢ ᠨᠠᠮᠠᠷᠢ ᠦᠵᠡᠬᠦᠯᠬᠦ ᠲᠤᠮᠳᠠ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠪᠠᠳᠠᠷᠠᠭᠤᠯᠬᠤ ᠶᠢ ᠤᠯᠠᠮ ᠢᠶᠠᠷ ᠵᠤᠷᠢᠭᠵᠢᠭᠤᠯᠬᠤ ᠪᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号