1 ᠰᠠᠷ᠎ᠠ ᠶᠢᠨ 26 ᠤ ᠡᠳᠤᠷ ᠤᠨ ᠦᠳᠠ ᠶᠢᠨ ᠡᠮᠤᠨ᠎ᠠ᠂ ᠲᠤᠮᠳᠠᠳᠤ ᠤᠯᠤᠰ ᠤᠨ ᠠᠷᠡᠳ ᠤᠨ ᠤᠯᠤᠰ | ᠲᠦᠷᠤ ᠶᠢᠨ ᠵᠦᠪᠯᠡᠯᠬᠡᠨ ᠤ ᠠᠪᠠᠭ᠎ᠠ ᠬᠤᠰᠢᠭᠤᠨ ᠤ ᠠᠷᠪᠠᠨ ᠨᠢᠬᠡᠳᠤᠬᠡᠷ ᠬᠤᠭᠤᠴᠠᠭᠠᠨ ᠤ ᠵᠦᠪᠯᠡᠯ ᠤᠨ | ᠭᠤᠷᠪᠠᠳᠤᠭᠠᠷ ᠤᠳᠠᠭᠠᠨ ᠤ ᠬᠤᠷᠠᠯᠳᠤᠭᠠᠨ ᠡᠯ᠎ᠠ ᠲᠦᠷᠤᠯ ᠤᠨ ᠵᠦᠪᠯᠡᠬᠦ ᠵᠥᠢᠯᠡᠰ ᠢᠶᠠᠨ ᠠᠮᠵᠢᠯᠳᠠ ᠲᠠᠢ | ᠪᠠᠶᠠᠯᠠᠬᠦᠯᠵᠤ᠂ ᠲᠡᠬᠦᠰ ᠠᠮᠵᠢᠯᠳᠠ ᠲᠠᠢ ᠦᠡᠳᠤᠷᠯᠠᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠲᠡᠳ᠋ | ᠱᠦᠵᠢ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠨᠠᠰᠤᠡᠪᠠᠳᠤ᠂ ᠬᠤᠰᠢᠭᠤ ᠠᠷᠡᠳ ᠤᠨ ᠲᠦᠯᠤᠬᠡᠯᠡᠭᠴᠢᠳ | ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠯᠤᠳᠪᠠᠭᠠᠳᠤᠷ ᠵᠡᠷᠬᠡ ᠬᠤᠰᠢᠭᠤ ᠤᠳᠤᠷᠢᠳᠤᠯᠭ᠎ᠠ | ᠨᠠᠷ ᠬᠤᠷᠡᠯ ᠳᠤ ᠤᠷᠤᠯᠴᠠᠨ᠂ ᠲᠠᠷᠢᠬᠦᠯᠡᠭᠴᠢ ᠶᠢᠨ ᠲᠠᠶᠢᠰᠠᠨ ᠳᠤ ᠰᠠᠭᠠᠳᠠᠪᠠ᠃ ᠬᠤᠰᠢᠭᠤ ᠪᠠᠶᠢᠴᠠᠭᠠᠬᠤ ᠬᠤᠷᠢᠶᠠᠨ | ᠤ ᠪᠠᠶᠢᠴᠠᠭᠠᠭᠴᠢ ᠲᠠᠷᠤᠭ᠎ᠠ᠂ ᠠᠶᠢᠮᠠᠭ ᠤᠨ ᠤᠯᠤᠰ ᠲᠦᠷᠤ ᠶᠢᠨ ᠵᠦᠪᠯᠡᠯᠬᠡᠨ ᠤ ᠬᠡᠰᠡᠭ ᠬᠡᠰᠢᠬᠦᠳ ᠵᠢᠴᠢ ᠬᠤᠰᠢᠭᠤ | ᠬᠠᠷᠢᠶ᠎ᠠ ᠬᠤᠯᠪᠤᠭᠳᠠᠯ ᠪᠦᠬᠦᠢ ᠪᠠᠶᠢᠭᠤᠯᠭ᠎ᠠ ᠨᠢᠬᠡᠴᠠ ᠶᠢᠨ ᠬᠠᠷᠢᠭᠤᠴᠠᠯᠭᠠᠳᠠᠨ ᠬᠤᠷᠡᠯ ᠳᠤ ᠰᠤᠯᠠ ᠤᠷᠤᠯᠴᠠᠪᠠ᠃ | ᠬᠤᠰᠢᠭᠤ ᠤᠯᠤᠰ ᠲᠦᠷᠤ ᠶᠢᠨ ᠵᠦᠪᠯᠡᠯᠬᠡᠨ ᠤ ᠲᠡᠳ᠋ ᠲᠠᠷᠢᠬᠦᠯᠡᠭᠴᠢ ᠸᠠᠩ ᠸᠠᠨ ᠶᠢᠨ ᠬᠤᠷᠡᠯ ᠢ ᠡᠷᠬᠢᠯᠡᠪᠡ᠃ | | ᠬᠤᠷᠡᠯ ᠲᠡᠬᠡᠷ᠎ᠠ᠂ ᠤᠯᠤᠰ ᠲᠦᠷᠤ ᠶᠢᠨ ᠵᠦᠪᠯᠡᠯᠬᠡᠨ ᠤ ᠠᠪᠠᠭ᠎ᠠ ᠬᠤᠰᠢᠭᠤᠨ ᠤ ᠠᠷᠪᠠᠨ ᠨᠢᠬᠡᠳᠤᠬᠡᠷ | ᠬᠤᠭᠤᠴᠠᠭᠠᠨ ᠤ ᠵᠦᠪᠯᠡᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠤᠯᠤᠰ ᠲᠦᠷᠤ ᠶᠢᠨ ᠰᠢᠢᠳᠪᠤᠷᠢ ︵ | ᠲᠦᠰᠤᠯ︶᠂ ︽ᠤᠯᠤᠰ ᠲᠦᠷᠤ ᠶᠢᠨ ᠵᠦᠪᠯᠡᠯᠬᠡᠨ ᠤ ᠠᠪᠠᠭ᠎ᠠ ᠬᠤᠰᠢᠭᠤᠨ ᠤ ᠠᠷᠪᠠᠨ ᠨᠢᠬᠡᠳᠤᠬᠡᠷ ᠬᠤᠭᠤᠴᠠᠭᠠᠨ ᠤ | ᠵᠦᠪᠯᠡᠯ ᠤᠨ ᠪᠠᠶᠢᠩᠭᠤ ᠶᠢᠨ ᠵᠦᠪᠯᠡᠯ ᠤᠨ ᠠᠵᠢᠯ ᠤᠨ ᠮᠠᠳᠡᠬᠦᠯᠤᠯᠳᠠ︾ ᠶᠢᠨ ᠲᠤᠬᠠᠢ ᠰᠢᠢᠳᠪᠤᠷᠢ ︵ᠲᠦᠰᠤᠯ︶᠂ | ᠤᠯᠤᠰ ᠲᠦᠷᠤ ᠶᠢᠨ ᠵᠦᠪᠯᠡᠯᠬᠡᠨ ᠤ ᠠᠪᠠᠭ᠎ᠠ ᠬᠤᠰᠢᠭᠤᠨ ᠤ ᠠᠷᠪᠠᠨ ᠨᠢᠬᠡᠳᠤᠬᠡᠷ ᠬᠤᠭᠤᠴᠠᠭᠠᠨ ᠤ ᠵᠦᠪᠯᠡᠯ ᠤᠨ | ᠰᠠᠨᠠᠯ ᠲᠤᠷᠠᠳᠤᠯᠭ᠎ᠠ ᠪᠠ ᠬᠡᠰᠢᠬᠦᠳ ᠤᠨ ᠬᠠᠮᠢᠶᠠᠷᠤᠯᠳᠠ ᠶᠢᠨ ᠵᠦᠪᠯᠡᠯ ᠤᠨ ᠠᠷᠪᠠᠨ ᠨᠢᠬᠡᠳᠤᠬᠡᠷ ᠬᠤᠭᠤᠴᠠᠭᠠᠨ ᠤ | ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠰᠠᠨᠠᠯ ᠲᠤᠷᠠᠳᠤᠯᠭ᠎ᠠ ᠶᠢ ᠬᠢᠨᠡᠨ ᠪᠠᠶᠢᠴᠠᠭᠠᠭᠰᠡᠨ ᠪᠠᠶᠢᠳᠠᠯ ᠤᠨ | ᠮᠠᠳᠡᠬᠦᠯᠤᠯᠳᠠ ︵ᠲᠦᠰᠤᠯ︶ ᠶᠢ ᠬᠢᠨᠡᠨ ᠵᠦᠪᠯᠡᠵᠤ ᠪᠠᠳᠤᠯᠠᠪᠠ᠃ | ᠬᠤᠷᠡᠯ ᠤᠨ ᠬᠤᠭᠤᠴᠠᠭᠠᠨ ᠳᠤ᠂ ᠦᠷᠬᠡᠨ ᠤᠯᠠᠨ ᠤᠯᠤᠰ ᠲᠦᠷᠤ ᠶᠢᠨ ᠵᠦᠪᠯᠡᠯᠬᠡᠨ ᠤ ᠬᠡᠰᠢᠬᠦᠳ ᠬᠢᠬᠡᠳ | ᠡᠯ᠎ᠠ ᠲᠤᠰᠬᠠᠢ ᠵᠦᠪᠯᠡᠯ ᠨᠢ ᠰᠠᠨᠠᠯ ᠲᠤᠷᠠᠳᠤᠯᠭ᠎ᠠ ᠶᠢ ᠢᠳᠡᠪᠬᠢᠳᠡᠢ ᠬᠡᠷᠡᠭᠯᠡᠨ ᠵᠠᠰᠠᠭ ᠲᠤ ᠲᠤᠰᠠᠯᠠᠨ ᠰᠠᠨᠠᠭᠤᠯᠭ᠎ᠠ | ᠦᠭᠴᠤ᠂ ᠬᠠᠮᠳᠤ ᠶᠢᠨ ᠲᠠᠨᠢᠯᠳᠠ ᠪᠠᠨ ᠨᠢᠭᠳᠠᠷᠠᠭᠤᠯᠵᠠᠢ᠃ 1 ᠰᠠᠷ᠎ᠠ ᠶᠢᠨ 25 ᠤ ᠡᠳᠤᠷ ᠤᠨ ᠦᠳᠠ ᠶᠢᠨ | ᠬᠤᠶᠢᠨᠠᠬᠢ 16 ᠴᠠᠭ ᠪᠤᠯᠳᠠᠯ᠎ᠠ᠂ ᠨᠠᠶᠢᠳᠠ 113 ᠬᠤᠪᠢ ᠰᠠᠨᠠᠯ ᠲᠤᠷᠠᠳᠤᠯᠭ᠎ᠠ ᠲᠤᠰᠴᠤ᠂ ᠡᠬᠦᠨ ᠳᠤ ᠲᠤᠰᠬᠠᠢ | ᠵᠦᠪᠯᠡᠯ ᠤᠨ ᠬᠠᠮᠳᠤ ᠶᠢᠨ ᠰᠠᠨᠠᠯ ᠲᠤᠷᠠᠳᠤᠯᠭ᠎ᠠ 4 ᠬᠤᠪᠢ᠂ ᠬᠡᠰᠢᠬᠦᠳ ᠨᠠᠷᠠ ᠬᠤᠯᠪᠤᠭᠠᠯᠠᠨ ᠲᠤᠷᠠᠳᠤᠭᠰᠡᠨ ᠰᠠᠨᠠᠯ | ᠲᠤᠷᠠᠳᠤᠯᠭ᠎ᠠ 2 ᠬᠤᠪᠢ ᠪᠤᠢ᠃ ︽ᠤᠯᠤᠰ ᠲᠦᠷᠤ ᠶᠢᠨ ᠵᠦᠪᠯᠡᠯᠬᠡᠨ ᠤ ᠠᠪᠠᠭ᠎ᠠ ᠬᠤᠰᠢᠭᠤᠨ ᠤ ᠰᠠᠨᠠᠯ | ᠲᠤᠷᠠᠳᠤᠯᠭ᠎ᠠ ᠶᠢᠨ ᠠᠵᠢᠯ ᠤᠨ ᠲᠦᠷᠢᠮ︾ ᠢ ᠦᠡᠳᠤᠰᠤᠯᠠᠨ᠂ 91 ᠬᠤᠪᠢ ᠰᠠᠨᠠᠯ ᠲᠤᠷᠠᠳᠤᠯᠭ᠎ᠠ ᠶᠢ ᠬᠢᠨᠡᠨ | ᠲᠠᠩᠰᠠᠯᠠᠵᠤ᠂ ᠲᠠᠩᠰᠠᠯᠠᠭᠰᠡᠨ ᠨᠤᠷᠮ᠎ᠠ ᠨᠢ 80.53% ᠳᠤ ᠬᠦᠷᠪᠠ᠃ | ᠬᠤᠷᠡᠯ ᠠᠴᠠ᠂ 2023 ᠤᠨ ᠤ ᠤᠯᠤᠰ ᠲᠦᠷᠤ ᠶᠢᠨ ᠵᠦᠪᠯᠡᠯᠬᠡᠨ ᠤ ᠰᠢᠯᠢᠳᠡᠭ ᠬᠡᠰᠢᠬᠦᠨ᠂ ᠰᠢᠯᠢᠳᠡᠭ | ᠰᠠᠨᠠᠯ ᠲᠤᠷᠠᠳᠤᠯᠭ᠎ᠠ ᠬᠢᠬᠡᠳ ᠰᠠᠨᠠᠯ ᠲᠤᠷᠠᠳᠤᠯᠭ᠎ᠠ ᠶᠢ ᠬᠦᠢᠴᠡᠳᠬᠡᠨ ᠪᠠᠶᠠᠯᠠᠬᠦᠯᠦᠭᠰᠡᠨ ᠲᠡᠷᠢᠬᠦᠨ ᠤ ᠪᠠᠶᠢᠭᠤᠯᠭ᠎ᠠ | ᠨᠢᠬᠡᠴᠠ ᠶᠢ ᠱᠠᠩᠨᠠᠨ ᠬᠦᠬᠢᠬᠦᠯᠪᠠ᠃ | ᠯᠢᠤ ᠰᠢᠶᠤᠤ ᠮᠢᠨ ᠤ ᠲᠡᠬᠦᠰᠬᠡᠯ ᠤᠨ ᠶᠠᠷᠢᠶᠠᠨ ᠳᠠᠭᠠᠨ ᠵᠢᠭᠠᠵᠤ ᠭᠠᠷᠭᠠᠭᠰᠡᠨ ᠨᠢ᠂ ᠬᠤᠷᠠᠯᠳᠤᠭᠠᠨ ᠤ | ᠬᠤᠭᠤᠴᠠᠭᠠᠨ ᠳᠤ᠂ ᠪᠦᠬᠦ ᠬᠡᠰᠢᠬᠦᠳ ᠤᠷᠬᠢᠯᠤᠮ᠎ᠠ ᠬᠠᠯᠠᠭᠤᠨ ᠰᠡᠳᠬᠢᠯᠬᠡ ᠪᠠ ᠲᠡᠬᠡᠳᠤ ᠬᠡᠮᠵᠢᠶᠠᠨ ᠤ ᠨᠠᠶᠢᠬᠡᠮ ᠤᠨ | ᠬᠠᠷᠢᠭᠤᠴᠠᠯᠭᠠᠳᠤ ᠤᠪᠤᠷ ᠢᠶᠠᠷ᠂ ᠦᠷᠬᠡᠨ ᠲᠡᠯᠬᠡᠷᠡᠩᠬᠦᠢ ᠪᠠᠷ ᠶᠠᠷᠢᠯᠴᠠᠨ ᠵᠦᠪᠳᠠᠯᠴᠠᠵᠤ᠂ ᠢᠳᠡᠪᠬᠢᠳᠡᠢ ᠪᠠᠷ ᠰᠠᠨᠠᠯ | ᠪᠤᠳᠤᠯ ᠢᠶᠠᠨ ᠲᠠᠪᠰᠢᠬᠦᠯᠤᠨ᠂ ᠨᠠᠯᠢᠶᠠᠳ ᠤᠯᠠᠨ ᠪᠤᠳᠡᠳᠡᠢ ᠲᠠᠢ ᠨᠠᠶᠢᠴᠡᠭᠰᠡᠨ᠂ ᠠᠷᠡᠳ ᠲᠦᠮᠡᠨ ᠳᠤ ᠠᠰᠢᠭᠳᠡᠢ᠂ | ᠦᠡᠳᠤᠷ ᠴᠢᠨᠡᠷ ᠴᠢᠡᠰᠠᠭ᠎ᠠ ᠲᠠᠢ᠂ ᠵᠦᠪ ᠲᠤᠳᠤ ᠦᠢᠯᠠᠭᠠᠯᠳᠠ ᠲᠠᠢ ᠰᠠᠨᠠᠭᠤᠯᠭ᠎ᠠ ᠲᠤᠷᠠᠳᠴᠤ᠂ ᠠᠷᠡᠳ ᠤᠨ ᠤᠯᠤᠰ | ᠲᠦᠷᠤ ᠶᠢᠨ ᠵᠦᠪᠯᠡᠯᠬᠡᠨ ᠤ ᠲᠤᠰᠬᠠᠢ ᠵᠦᠪᠳᠠᠯᠴᠠᠬᠡᠷ ᠤᠨ ᠲᠠᠪᠠᠭᠤᠯᠢᠭ ᠢ ᠪᠠᠳᠠᠷᠠᠭᠤᠯᠤᠨ᠂ ᠠᠷᠡᠳ ᠲᠦᠮᠡᠨ ᠤ | ᠠᠮᠢᠵᠢᠷᠠᠯ ᠤᠨ ᠬᠦᠴᠤᠨ ᠢ ᠬᠦᠢᠴᠡᠳ ᠢᠯᠠᠷᠠᠬᠦᠯᠪᠠ᠃ ᠲᠤᠰ ᠤᠳᠠᠭᠠᠨ ᠤ ᠬᠤᠷᠡᠯ ᠨᠢ ᠪᠤᠳᠠᠳᠡᠢ ᠶᠢ ᠡᠷᠬᠢᠮᠯᠡᠭᠰᠡᠨ | ᠦᠷ᠎ᠠ ᠪᠦᠳᠤᠮᠵᠢ ᠪᠠᠷ ᠲᠦᠬᠦᠷᠡᠩ᠂ ᠠᠷᠡᠳᠴᠢᠯᠡᠯ ᠲᠠᠢ᠂ ᠪᠦᠯᠬᠦᠮᠳᠠᠯ ᠲᠠᠢ᠂ ᠡᠷᠡᠯᠬᠡᠭᠯᠡᠨ ᠤᠷᠤᠭᠰᠢᠯᠠᠭᠰᠡᠨ ᠶᠡᠭᠡ | ᠬᠤᠷᠡᠯ᠂ ᠪᠠᠰᠠᠴᠤ ᠨᠢᠬᠡᠨ ᠬᠠᠮᠳᠤ ᠶᠢᠨ ᠲᠠᠨᠢᠯᠳᠠ ᠶᠢ ᠨᠢᠭᠳᠠᠷᠠᠭᠤᠯᠵᠤ᠂ ᠡᠷᠴᠢ ᠵᠤᠷᠢᠭ ᠢ ᠬᠦᠪᠴᠢᠯᠡᠭᠰᠡᠨ ᠶᠡᠭᠡ | ᠬᠤᠷᠡᠯ ᠪᠤᠯᠤᠭᠰᠡᠨ ᠪᠠᠶᠢᠨ᠎ᠠ ᠬᠡᠵᠡᠢ᠃ | ᠲᠠᠷᠠ ᠱᠠᠭᠠᠷᠳᠠᠬᠤ ᠳᠤ ᠪᠠᠨ᠂ 2024 ᠤᠨ ᠪᠤᠯ ᠪᠦᠬᠦᠳᠠ ᠨᠠᠶᠢᠷᠠᠮᠳᠠᠬᠤ ᠲᠤᠮᠳᠠᠳᠤ ᠠᠷᠡᠳ ᠤᠯᠤᠰ | ᠪᠠᠶᠢᠭᠤᠯᠤᠭᠳᠠᠭᠰᠡᠨ 75 ᠵᠢᠯ ᠤᠨ ᠤᠢ᠂ ᠠᠷᠡᠳ ᠤᠨ ᠤᠯᠤᠰ ᠲᠦᠷᠤ ᠶᠢᠨ ᠵᠦᠪᠯᠡᠯᠬᠡᠨ ᠪᠠᠶᠢᠭᠤᠯᠤᠭᠳᠠᠭᠰᠡᠨ 75 | ᠵᠢᠯ ᠤᠨ ᠤᠢ ᠮᠥᠨ᠂ ᠮᠦᠡᠴᠤ ︽ᠠᠷᠪᠠᠨ ᠲᠦᠷᠪᠡᠳᠤᠬᠡᠷ ᠲᠠᠪᠤᠨ ᠵᠢᠯ︾ ᠤᠨ ᠲᠦᠯᠤᠪᠵᠢᠬᠦᠯᠬᠡ ᠶᠢ ᠬᠡᠷᠡᠭᠵᠢᠬᠦᠯᠬᠦ | ᠵᠠᠩᠬᠢᠯᠠᠭ᠎ᠠ ᠶᠢᠨ ᠵᠢᠯ ᠮᠥᠨ᠂ ᠡᠨ᠋ᠨ ᠵᠢᠯ ᠤᠨ ᠠᠵᠢᠯ ᠢᠶᠠᠨ ᠰᠠᠶᠢᠳᠤᠷ ᠬᠢᠬᠦ ᠨᠢ ᠴᠢᠬᠤᠯᠠ ᠠᠴᠢ ᠬᠤᠯᠪᠤᠭᠳᠠᠯ ᠲᠠᠢ | ᠶᠤᠮ᠃ ᠪᠦᠬᠦ ᠬᠤᠰᠢᠭᠤᠨ ᠤ ᠦᠷᠬᠡᠨ ᠤᠯᠠᠨ ᠤᠯᠤᠰ ᠲᠦᠷᠤ ᠶᠢᠨ ᠵᠦᠪᠯᠡᠯᠬᠡᠨ ᠤ ᠬᠡᠰᠢᠬᠦᠳ ᠰᠢ ᠶᠢᠨ ᠫᠢᠡᠭ ᠤᠨ | ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠡᠴᠠᠯᠢᠭ ᠲᠠᠢ ᠨᠠᠶᠢᠬᠡᠮ ᠵᠢᠷᠤᠮ ᠤᠨ ᠦᠵᠡᠯ ᠰᠠᠨᠠᠭ᠎ᠠ ᠶᠢ | ᠬᠦᠡᠵᠡᠬᠡᠢ ᠲᠤᠭᠤᠰᠢᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ | ᠪᠦᠯᠬᠦᠮᠳᠠᠨ ᠲᠠᠮᠠᠴᠠᠬᠦ ᠴᠠᠭ ᠦᠶ᠎ᠠ ᠶᠢᠨ ᠱᠠᠭᠠᠷᠳᠠᠯᠭ᠎ᠠ ᠶᠢ ᠪᠠᠳᠤ ᠡᠵᠡᠮᠰᠢᠵᠤ᠂ ᠠᠷᠡᠳ ᠤᠨ ᠤᠯᠤᠰ ᠲᠦᠷᠤ ᠶᠢᠨ | ᠵᠦᠪᠯᠡᠯᠬᠡᠨ ᠤ ᠢᠷᠠᠭᠤ ᠠᠯᠳᠠᠷ ᠢᠶᠠᠨ ᠤᠯᠠᠮᠵᠢᠯᠠᠨ ᠵᠠᠯᠭᠠᠮᠵᠢᠯᠠᠵᠤ᠂ ᠤᠯᠤᠰ ᠲᠦᠷᠤ ᠶᠢᠨ ᠵᠤᠭᠰᠤᠴᠠ᠂ ᠤᠯᠤᠰ | ᠲᠦᠷᠤ ᠶᠢᠨ ᠵᠦᠪᠯᠡᠯᠬᠡᠨ ᠤ ᠪᠠᠶᠢᠷᠢ ᠲᠤᠭᠳᠠᠭᠠᠯᠳᠠ ᠪᠠᠨ ᠲᠤᠳᠤᠷᠬᠠᠶᠢᠯᠠᠵᠤ᠂ ᠡᠬᠦᠷᠬᠡ ᠲᠤᠰᠢᠶᠠᠯ ᠢᠶᠠᠨ | ᠬᠦᠢᠴᠡᠳᠬᠡᠬᠦ ᠬᠢᠷᠢ ᠲᠦᠪᠰᠢᠨ ᠢᠶᠠᠨ ᠲᠡᠬᠡᠭᠰᠢᠯᠡᠬᠦᠯᠵᠤ᠂ ᠠᠷᠡᠳᠴᠢᠯᠡᠯ ᠢ ᠬᠦᠡᠵᠡᠬᠡᠢ ᠦᠢᠯᠡᠳᠤᠯᠬᠡᠵᠢᠬᠦᠯᠵᠤ᠂ ᠮᠠᠨ ᠤ | ᠬᠤᠰᠢᠭᠤᠨ ᠤ ᠠᠵᠤ ᠠᠬᠤᠢ ᠨᠠᠶᠢᠬᠡᠮ ᠤᠨ ᠴᠢᠨᠡᠷ ᠰᠠᠶᠢᠳᠡᠢ ᠬᠦᠭᠵᠢᠯᠳᠠ ᠶᠢ ᠠᠬᠢᠭᠤᠯᠬᠤ ᠳᠤ᠂ ᠤᠶᠤᠨ ᠤᠬᠠᠭᠠᠨ | ᠢ ᠬᠤᠷᠠᠮᠳᠤᠭᠤᠯᠵᠤ᠂ ᠬᠦᠴᠤᠨ ᠴᠢᠳᠠᠯ ᠢᠶᠠᠨ ᠨᠢᠭᠳᠠᠷᠠᠭᠤᠯᠬᠤ ᠬᠡᠷᠡᠭᠳᠡᠢ ᠬᠡᠵᠡᠢ᠃ | 10 ᠴᠠᠭ 30 ᠮᠢᠨᠦ᠋ᠲ ᠲᠤ ᠲᠦᠪ ᠶᠡᠬᠡᠮᠰᠦᠭ ︽ᠤᠯᠤᠰ ᠤᠨ ᠰᠦᠯᠳᠠ ᠲᠠᠭᠤᠤ︾ ᠶᠢᠨ ᠲᠤᠮᠳᠠ | ᠤᠯᠤᠰ ᠲᠦᠷᠤ ᠶᠢᠨ ᠵᠦᠪᠯᠡᠯᠬᠡᠨ ᠤ ᠠᠪᠠᠭ᠎ᠠ ᠬᠤᠰᠢᠭᠤᠨ ᠤ ᠠᠷᠪᠠᠨ ᠨᠢᠬᠡᠳᠤᠬᠡᠷ ᠬᠤᠭᠤᠴᠠᠭᠠᠨ ᠤ ᠵᠦᠪᠯᠡᠯ ᠤᠨ | ᠭᠤᠷᠪᠠᠳᠤᠭᠠᠷ ᠤᠳᠠᠭᠠᠨ ᠤ ᠬᠤᠷᠠᠯᠳᠤᠭᠠᠨ ᠲᠡᠬᠦᠰ ᠠᠮᠵᠢᠯᠳᠠ ᠲᠠᠢ ᠦᠡᠳᠤᠷᠯᠠᠪᠠ᠃ | |