ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠵᠦ᠂ ᠴᠡᠷᠢᠭ ᠠᠩᠭᠢ ᠶᠢᠨ ᠳᠠᠷᠤᠭ᠎ᠠ | ᠪᠠᠶᠢᠯᠳᠤᠭᠴᠢᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠴᠡᠷᠢᠭ ᠠᠷᠠᠳ ᠤᠨ ᠵᠢᠭᠠᠰᠤ ᠤᠰᠤᠨ ᠤ | ᠨᠥᠬᠦᠷᠯᠡᠯ ᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠥᠯᠥᠭᠡ᠂ 12 ᠰᠠᠷ᠎ᠠ ᠶᠢᠨ 20 ᠤ ᠡᠳᠦᠷ᠂ ᠬᠤᠰᠢᠭᠤ | ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ | ᠬᠤᠶᠠᠷ ᠢ ᠬᠦᠷᠢᠶᠡᠯᠡᠬᠦ ᠠᠯᠪᠠᠨ ᠬᠡᠷ᠂ ᠤᠯᠠᠭᠠᠨᠮᠥ᠋ᠴᠢᠷ ᠤᠨ ᠬᠢᠨ ᠤ ᠬᠠᠮᠲᠤᠷᠠᠨ ᠡᠷᠭᠢᠯᠡᠭᠰᠡᠨ ︽ᠬᠤᠶᠠᠷ ᠢ | ᠬᠦᠷᠢᠶᠡᠯᠡᠬᠦ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ | ᠪᠠᠬᠢᠵᠢᠭᠦᠯᠬᠦ︾ ᠠᠪᠠᠭ᠎ᠠ ᠬᠤᠰᠢᠭᠤᠨ ᠤ ᠴᠡᠷᠢᠭ ᠴᠠᠭᠳᠠᠭ᠎ᠠ ᠠᠷᠠᠳ ᠲᠦᠮᠡᠨ ᠤ ︽ᠴᠠᠭᠠᠨ ᠰᠠᠷ᠎ᠠ︾ ᠢᠶᠠᠨ | ᠤᠭᠲᠤᠬᠤ ᠲᠣᠬᠤᠨᠢᠭᠤᠯᠬᠤ ᠲᠣᠭᠯᠠᠯᠲᠠ ᠭᠠᠷᠭᠠᠪᠠ᠃ | ᠲᠣᠭᠯᠠᠯᠲᠠ ᠨᠢ ᠦᠨᠳᠦᠰᠦᠲᠡᠨ ᠤ ᠵᠠᠩ ᠦᠢᠯᠡ ᠪᠠᠷ ᠪᠢᠯᠬᠠᠭᠰᠠᠨ ︽ᠴᠤᠭᠤᠷ ᠲᠠᠭᠤᠤ︾ ᠶᠢᠨ ᠳᠤᠮᠳᠠ | ᠡᠬᠢᠯᠡᠪᠡ᠃ ᠵᠠᠯᠭᠠᠭᠠᠳ᠂ ︽ᠡᠬᠡ ᠤᠯᠤᠰ ᠮᠠᠨᠳᠤᠨᠠᠮ︾᠂ ︽ᠮᠠᠯᠴᠢᠳ ᠡᠪ ᠬᠠᠮᠲᠤ ᠨᠠᠮ ᠢᠶᠠᠨ ᠮᠠᠭᠲᠠᠨ | ᠳᠠᠭᠤᠯᠠᠶ᠎ᠠ︾ ᠵᠡᠷᠭᠡ ᠳᠠᠭᠤᠤ ᠨᠢ ᠪᠦᠬᠦ᠋ᠢᠯᠡ ᠦᠳᠡᠰᠢᠯᠡᠭᠡ ᠶᠢᠨ ᠠᠬᠤᠢ ᠲᠠᠯᠠᠪᠠᠢ ᠶᠢᠨ ᠬᠦᠨᠳᠦᠲᠦ ᠵᠣᠴᠢᠳ ᠲᠤ | ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ ᠰᠡᠳᠬᠢᠯᠭᠡ ᠶᠢ ᠮᠡᠳᠡᠷᠡᠭᠦᠯᠵᠦ᠂ ᠳᠠᠭᠤᠤ ᠬᠥᠭᠵᠢᠮ ᠢᠶᠠᠷ ᠴᠠᠭᠠᠨ | ᠰᠠᠷ᠎ᠠ ᠶᠢᠨ ᠪᠠᠶᠠᠷ ᠪᠠᠭ᠋ᠠᠳᠤᠯ ᠢ ᠳᠠᠮᠵᠢᠭᠤᠯᠵᠤ᠂ ᠪᠥᠵᠢᠭ ᠢᠶᠠᠷ ᠬᠠᠮᠲᠤ ᠶᠢᠨ ᠬᠦᠰᠡᠯ ᠵᠥᠩᠨᠡᠯ ᠢ ᠢᠯᠡᠳᠬᠡᠵᠦ᠂ | ᠤᠶᠠᠩᠭᠠᠲᠤ ᠰᠠᠶᠢᠬᠠᠨ ᠳᠠᠭᠤᠤ ᠬᠥᠭᠵᠢᠮ᠂ ᠢᠷᠠᠭᠤ ᠰᠠᠶᠢᠬᠠᠨ ᠮᠣᠷᠢᠨ ᠬᠤᠭᠤᠷ ᠤᠨ ᠬᠥᠭᠵᠢᠮ ᠵᠡᠷᠭᠡ ᠭᠤᠶᠢᠳᠠ | ᠰᠠᠶᠢᠬᠠᠨ ᠲᠣᠭᠯᠠᠯᠲᠠ ᠨᠢ ᠠᠬᠤᠢ ᠲᠠᠯᠠᠪᠠᠢ ᠶᠢᠨ ᠳᠠᠷᠤᠭ᠎ᠠ ᠪᠠᠶᠢᠯᠳᠤᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ | ᠤᠯᠪᠠ᠃ ᠪᠦᠬᠦ᠋ᠢᠯᠡ ᠲᠤᠭᠯᠠᠯᠲᠠ ᠨᠢ ᠡᠯᠪᠡᠭ ᠪᠠᠶᠠᠯᠢᠭ᠂ ᠢᠳᠡᠪᠬᠢ ᠬᠦᠴᠦᠨ ᠢᠶᠠᠷ ᠪᠢᠯᠬᠠᠵᠤ᠂ ᠲᠣᠭᠯᠠᠭᠴᠢᠳ ᠨᠢ | ᠰᠡᠳᠬᠢᠯ ᠪᠢᠯᠬᠠᠮ᠎ᠠ ᠲᠤᠭᠯᠠᠯᠲᠠ ᠪᠠᠨ ᠳᠠᠮᠵᠢᠭᠤᠯᠤᠨ᠂ ᠴᠡᠷᠢᠭ ᠠᠷᠠᠳ ᠤᠨ ︽ ᠬᠦᠰᠡᠯ ᠵᠤᠷᠢᠯᠲᠠ ᠪᠠᠨ ᠨᠢᠭᠡᠳᠭᠡᠨ᠂ | ᠰᠡᠳᠬᠢᠯ ᠵᠢᠷᠦᠬᠡ ᠪᠠᠨ ᠬᠤᠯᠪᠣᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | ᠲᠣᠰ ᠤᠳᠠᠭᠠᠨ ᠤ ᠲᠣᠭᠯᠠᠯᠲᠠ ᠪᠠᠷ ᠳᠡᠮᠵᠢᠨ᠂ ᠴᠡᠷᠢᠭ ᠵᠠᠰᠠᠭ ᠴᠡᠷᠢᠭ ᠠᠷᠠᠳ ᠤᠨ ᠨᠥᠬᠦᠷᠯᠡᠯ ᠢ ᠤᠯᠠᠮ | ᠨᠢᠭᠡ ᠠᠯᠬᠤᠮ ᠪᠠᠬᠢᠵᠢᠭᠦᠯᠵᠦ᠂ ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ᠂ | ᠴᠡᠷᠢᠭ ᠠᠷᠠᠳ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠪᠠ᠃ | ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠬᠤᠰᠢᠭᠤᠨ ᠳᠤ ᠰᠠᠭᠤᠭ᠎ᠠ ᠴᠡᠷᠢᠭ | ᠠᠩᠭᠢ ᠶᠢᠨ ᠳᠠᠷᠤᠭ᠎ᠠ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ | ᠺᠠᠳ᠋ᠷ ᠴᠠᠭᠳᠠᠭ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠥᠮᠦᠰ ᠲᠣᠭᠯᠠᠯᠲᠠ ᠶᠢ ᠰᠣᠨᠢᠷᠬᠠᠪᠠ᠃ |