ᠲᠦᠯ ᠤᠨ ᠲᠠᠭᠤᠨ ᠬᠠᠩᠬᠢᠨᠠᠭᠰᠡᠨ ᠬᠠᠪᠤᠷ ᠰᠠᠶᠢᠬᠠᠨ
ᠨᠡᠶᠢᠲᠡᠯᠡᠭᠰᠡᠨ ᠴᠠᠭ᠄
2024/3/6
     ᠤᠷᠢᠬᠠᠨ ᠬᠠᠪᠤᠷ ᠠᠶᠠᠷᠬᠠᠨ ᠰᠠᠭᠠᠳᠠᠬᠤ ᠳᠤ ᠬᠠᠮᠤᠭ ᠪᠤᠳᠠᠰ ᠠᠮᠢᠯᠠᠨ ᠲᠦᠯᠵᠢᠵᠤ᠂ ᠬᠦᠳᠡᠭᠡ ᠨᠤᠳᠤᠭ ᠲᠤ ᠠᠮᠢᠯᠠᠯ ᠪᠢᠯᠬᠠᠨ᠎ᠠ᠃ ᠡᠨᠡᠬᠦ ᠶᠠᠭᠠᠷᠠᠯᠳᠠᠶᠢᠬᠠᠨ ᠤᠯᠠᠷᠢᠯ ᠳᠤ ᠮᠠᠯᠴᠢᠨ ᠲᠦᠮᠡᠨ ᠲᠦᠯ ᠮᠠᠯ ᠤᠨ ᠲᠠᠭᠤᠨ ᠳᠤ ᠰᠡᠳᠬᠢᠯ ᠪᠠᠶᠠᠰᠤᠨ᠂ ᠪᠠᠰᠠ ᠨᠢᠬᠡᠨ ᠵᠢᠯ ᠤᠨ ᠮᠠᠯᠵᠢᠬᠤ ᠦᠢᠯᠡᠳᠪᠤᠷᠢᠯᠡᠯ ᠰᠢᠨ᠎ᠠ ᠠᠮᠢᠯᠠᠯ ᠢᠶᠠᠷ ᠡᠬᠢᠯᠡᠭᠰᠡᠨ ᠢ ᠮᠡᠳᠡᠬᠡᠯᠡᠨ᠎ᠠ᠃      ᠠᠪᠠᠭ᠎ᠠ ᠬᠤᠰᠢᠭᠤᠨ ᠤ ᠶᠡᠬᠡᠭᠤᠤᠯ ᠰᠤᠮᠤᠨ ᠤ ᠡᠷᠳᠡᠨᠢᠠᠠᠭᠤᠯᠠ ᠭᠠᠴᠠᠭᠠᠨ ᠤ ᠮᠠᠯᠴᠢᠨ ᠬᠠᠰᠪᠠᠭᠠᠨ᠎ᠠ ᠶᠢᠨ ᠎ ᠳᠤ ᠬᠦᠷᠬᠦ ᠳᠤ ᠡᠳᠡᠨᠡᠶᠢᠬᠢᠨ ᠲᠦᠯ ᠲᠤᠰᠤᠭᠠᠳ ᠶᠠᠭᠠᠷᠠᠤᠬᠠᠨ ᠪᠠᠶᠢᠵᠤ ᠬᠤᠷᠤᠭ᠎ᠠ ᠬᠠᠰᠢᠶᠠᠨ ᠳᠤᠨᠢ ᠮᠠᠯ ᠤᠨ ᠮᠠᠶᠢᠯᠠᠯᠳᠤᠬᠤ ᠲᠠᠭᠤᠨ ᠬᠦᠭ ᠨᠠᠶᠢᠷᠠᠵᠤ᠂ ᠬᠦᠳᠡᠭᠡ ᠨᠤᠳᠤᠭ ᠤᠨ ᠬᠠᠪᠤᠷ ᠤᠨ ᠦᠵᠡᠰᠬᠦᠯᠠᠩ ᠢ ᠵᠢᠷᠤᠭᠯᠠᠨ᠎ᠠ᠃ ᠡᠳᠡᠨᠡᠶᠢᠬᠢᠨ 2 ᠰᠠᠷ᠎ᠠ ᠶᠢᠨ 21᠎ ᠤ ᠡᠳᠤᠷ ᠠᠴᠠ ᠡᠬᠢᠯᠡᠨ ᠲᠦᠯ ᠢᠶᠠᠨ ᠲᠤᠰᠴᠤ᠂ ᠦᠨᠤ ᠵᠢᠯ 200 ᠭᠠᠷᠤᠢ ᠬᠤᠨᠢ ᠬᠤᠷᠠᠭᠠᠯᠠᠬᠤ ᠶᠤᠮ ᠪᠠᠶᠢᠨ᠎ᠠ᠂ ᠤᠳᠤ ᠨᠢᠬᠡᠨᠳᠡ 100 ᠭᠠᠷᠤᠢ ᠲᠦᠯ ᠲᠤᠰᠤᠭᠠᠳ ᠪᠠᠶᠢᠭ᠎ᠠ᠃      ︽ᠪᠡᠯᠡᠳᠬᠡᠯ ᠰᠠᠶᠢᠳᠡᠢ ᠪᠤᠯ ᠪᠡᠷᠬᠡᠳᠡᠬᠦ ᠦᠬᠡᠢ︾ ᠬᠡᠳᠡᠭᠴᠢᠯᠡᠨ ᠡᠳᠡᠨᠠᠶᠢᠬᠢᠨ ᠡᠪᠤᠯ ᠤᠨ ᠪᠡᠯᠡᠳᠬᠡᠯ ᠢᠶᠠᠨ ᠰᠠᠶᠢᠨ ᠬᠢᠵᠤ᠂ 10 ᠭᠠᠷᠤᠢ ᠲᠤᠨ ᠡᠪᠡᠰᠤ ᠨᠦᠬᠡᠴᠡᠯᠡᠨ᠂ ᠡᠬᠡ ᠮᠠᠯ ᠤᠨ ᠲᠠᠷᠭᠤ ᠬᠦᠴᠤ ᠶᠢ ᠪᠠᠳᠤᠯᠠᠵᠤ ᠴᠢᠳᠠᠭᠰᠡᠨ ᠢᠶᠠᠷ ᠲᠦᠯ ᠮᠠᠯ ᠤᠨ ᠤᠡᠳᠤᠷᠤᠯᠳᠠ ᠰᠠᠶᠢᠨ ᠪᠠᠶᠢᠵᠤ᠂ ᠬᠡᠳᠤᠶᠢᠪᠡᠷ ᠮᠠᠰᠢ ᠶᠠᠭᠠᠷᠠᠯᠳᠡᠢ ᠮᠦᠷᠳᠡᠬᠡᠨ ᠵᠦᠳᠡᠷᠡᠯᠳᠡᠢ ᠪᠠᠶᠢᠭᠰᠡᠨ ᠴᠤ ᠪᠠᠶᠠᠷ ᠤᠨ ᠮᠠᠩᠨᠠᠢ ᠲᠠᠨᠢᠢᠨ ᠪᠠᠶᠢᠯ᠎ᠠ᠃      ᠲᠦᠯ ᠲᠤᠰᠴᠤ ᠪᠤᠶᠢᠵᠢᠭᠤᠯᠬᠤ ᠪᠤᠯ ᠮᠠᠯᠵᠢᠬᠤ ᠦᠢᠯᠡᠳᠪᠤᠷᠢᠯᠡᠯ ᠤᠨ ᠮᠠᠰᠢ ᠴᠢᠬᠤᠯᠠ ᠠᠵᠢᠯ ᠤᠨ ᠨᠢᠬᠡ ᠪᠤᠯᠤᠨ᠎ᠠ᠂ ᠮᠦᠡᠴᠤ ᠮᠠᠯᠴᠢᠳ ᠤᠨ ᠤᠷᠤᠯᠭ᠎ᠠ ᠶᠢᠨ ᠢᠷᠡᠯᠳᠡ᠂ ᠰᠠᠶᠢᠨ ᠰᠠᠶᠢᠬᠠᠨ ᠠᠮᠢᠳᠤᠷᠡᠯ ᠤᠨ ᠬᠢᠨᠢ ᠬᠦᠰᠠᠯ ᠡᠷᠠᠮᠠᠯᠵᠠᠯ ᠮᠥᠨ᠃ ᠨᠢᠳᠤᠨᠤᠨ ᠡᠪᠤᠯ ᠡᠨ᠋ᠨ ᠬᠠᠪᠤᠷ ᠠᠴᠠ ᠨᠠᠰᠢ᠂  ᠠᠪᠠᠭ᠎ᠠ  ᠬᠤᠰᠢᠭᠤ ᠡᠷᠳᠡ ᠠᠴᠠ ᠲᠤᠬᠢᠷᠠᠭᠤᠯᠤᠨ᠂ ᠡᠷᠳᠡ ᠠᠴᠠ ᠪᠠᠶᠢᠷᠢᠯᠠᠭᠤᠯᠵᠤ᠂ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠲᠠᠰᠤᠷᠠᠯᠳᠠ ᠦᠬᠡᠢ ᠴᠢᠩᠭᠠᠳᠬᠠᠨ ᠲᠡᠬᠦᠯᠳᠡᠷᠵᠢᠬᠦᠯᠵᠤ᠂ ᠤᠬᠠᠭᠤᠯᠵᠤ ᠬᠦᠳᠤᠯᠤᠨ ᠵᠢᠯᠤᠭᠤᠳᠬᠤ ᠶᠢ ᠴᠢᠩᠭᠠᠳᠬᠠᠨ᠂ ᠮᠠᠯᠴᠢᠳ ᠤᠨ ᠠᠷᠠᠴᠢᠯᠠᠨ ᠮᠠᠯᠵᠢᠬᠤ ᠬᠢᠷᠢ ᠲᠦᠪᠰᠢᠨ ᠢ ᠲᠠᠰᠤᠷᠠᠯᠳᠠ ᠦᠬᠡᠢ ᠲᠡᠬᠡᠭᠰᠢᠯᠡᠬᠦᠯᠬᠦ ᠶᠢᠨ ᠬᠠᠮᠳᠤ ᠪᠠᠰᠠ ᠲᠧᠯᠸᠢᠰ᠂ ᠤᠬᠤᠷ ᠮᠡᠳᠡᠭᠡ᠂ ᠸᠢᠴᠠᠲ ᠲᠠᠪᠴᠠᠩ ᠢᠶᠠᠷ ᠲᠠᠮᠵᠢᠭᠤᠯᠤᠨ ᠴᠠᠭ ᠠᠭᠤᠷ ᠤᠨ ᠬᠤᠪᠢᠷᠠᠯᠳᠠ ᠶᠢ ᠰᠠᠷᠠᠮᠵᠢᠯᠡᠬᠦᠯᠬᠦ ᠮᠡᠳᠡᠭᠡ ᠵᠠᠩᠬᠢ ᠶᠢ ᠨᠠᠶᠢᠳᠠᠯᠠᠵᠤ᠂ ᠮᠠᠯᠴᠢᠳ ᠤᠨ ᠴᠠᠭ ᠠᠭᠤᠷ ᠤᠨ ᠬᠤᠪᠢᠷᠠᠯᠳᠠ ᠶᠢ ᠴᠠᠭ ᠲᠤᠬᠠᠢ ᠳᠤᠨᠢ ᠦᠢᠯᠠᠭᠠᠨ᠂ ᠠᠷᠭᠠᠴᠠᠭᠠᠬᠤ ᠠᠷᠭ᠎ᠠ ᠬᠡᠮᠵᠢᠶ᠎ᠠ ᠶᠢ ᠰᠠᠶᠢᠳᠤᠷ ᠬᠢᠬᠦ ᠶᠢ ᠦᠨᠡᠡᠬᠦ ᠪᠠᠳᠤᠯᠠᠭᠰᠡᠨ ᠪᠠᠶᠢᠨ᠎ᠠ᠃      ᠦᠢᠯᠠᠭᠠᠭᠰᠡᠨ ᠢᠶᠠᠷ᠂ ᠡᠨ᠋ᠨ ᠵᠢᠯ ᠠᠪᠠᠭ᠎ᠠ ᠬᠤᠰᠢᠭᠤ 84 ᠲᠦᠮᠡᠨ ᠲᠦᠯ ᠲᠤᠰᠬᠤ ᠪᠠᠷ ᠵᠢᠱᠢᠵᠤ ᠪᠠᠶᠢᠨ᠎ᠠ᠃ ᠡᠬᠦᠨ ᠳᠤ ᠪᠤᠳᠠ ᠮᠠᠯ ᠤᠨ ᠲᠦᠯ 14 ᠲᠦᠮᠡ᠂ ᠪᠤᠭ ᠮᠠᠯ ᠤᠨ ᠲᠦᠯ 70 ᠲᠦᠮᠡ ᠪᠠᠷ ᠲᠤᠭᠠᠯᠠᠭᠳᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号