ᠠᠪᠠᠭ᠎ᠠ ᠬᠤᠰᠢᠭᠤᠨ ᠤ 2024 ᠣᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/6
ᠥᠷᠭᠡᠨ ᠤᠯᠠᠨ ᠮᠠᠯᠴᠢᠨ ᠲᠦᠮᠡᠨ ᠳᠤ᠄      ᠪᠦᠬᠦ ᠠᠶᠢᠮᠠᠭ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠤᠰᠳᠠ᠂ 2024 ᠣᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠢ‌ᠦᠷᠬᠦᠯᠵᠢᠯᠡᠨ‌‍ᠬᠡᠷᠡᠭᠵᠢᠭᠦᠯᠬᠦ ᠪᠠᠷ ᠲᠣᠭᠲᠠᠵᠤ᠂ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠪᠡᠯᠴᠢᠭᠡᠷ ᠰᠡᠷᠭᠦᠭᠡᠬᠦ ᠴᠠᠭ ᠬᠤᠭᠤᠴᠠᠭ᠎ᠠ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ︾᠎ ᠤᠨ ᠶᠢᠰᠦᠳᠦᠭᠡᠷ ᠵᠤᠷᠪᠤᠰ ︿ᠬᠤᠰᠢᠭᠤ ᠰᠢᠶᠠᠨ ᠬᠤᠳᠠ ︵ᠲᠣᠭᠤᠷᠢᠭ︶᠎ ᠶᠢᠨ ᠠᠷᠠᠳ ᠤᠨ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠪᠠ ᠪᠡᠯᠴᠢᠭᠡᠷ ᠡᠪᠡᠰᠦᠨ ᠤ ᠤᠷᠭᠤᠯᠲᠠ ᠶᠢᠨ ᠵᠢᠮ᠎ᠡ ᠶᠣᠰᠣ ᠶᠢ ᠦᠨᠳᠦᠰᠦᠯᠡᠵᠦ᠂ ᠵᠢᠯ ᠪᠦᠷᠢ ᠶᠢᠨ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠡᠯᠴᠢᠭᠡᠷ ᠰᠡᠷᠭᠦᠭᠡᠬᠦ ᠬᠤᠭᠤᠴᠠᠭ᠎ᠠ ᠶᠢ 45 ᠡᠳᠦᠷ ᠠᠴᠠ ᠳᠣᠷᠣᠭᠰᠢ ᠪᠠᠶᠢᠯᠭᠠᠵᠤ ᠪᠤᠯᠬᠤ ᠦᠭᠡᠢ﹀ ᠵᠢᠴᠢ ︽ᠰᠢᠯᠢ ᠶᠢᠨ ᠭᠤᠣᠯ ᠠᠶᠢᠮᠠᠭ ᠤᠨ 2023-2025 ᠣᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠤᠨ ᠬᠡᠷᠡᠭᠵᠢᠭᠦᠯᠬᠦ ᠲᠥᠰᠥᠯ︾᠎ ᠳᠤ ᠲᠣᠭᠲᠠᠭᠠᠭᠰᠠᠨ ᠳᠤᠮᠳᠠ ᠬᠤᠶᠢᠲᠤ ᠪᠡᠶ᠎ᠡ ᠶᠢᠨ ᠬᠤᠲᠠ ᠲᠣᠭᠤᠷᠢᠭ ᠤᠨ ᠪᠡᠯᠴᠢᠭᠡᠷ ᠰᠡᠷᠭᠦᠭᠡᠬᠦ ᠴᠠᠭ ᠢ 4 ᠰᠠᠷ᠎ᠠ ᠶᠢᠨ 5᠎ ᠤ ᠡᠳᠦᠷ ᠠᠴᠠ ᠡᠮᠦᠨ᠎ᠡ ᠪᠠᠶᠢᠯᠭᠠᠵᠤ ᠪᠤᠯᠬᠤ ᠦᠭᠡᠢ ᠭᠡᠰᠡᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠴᠠᠭ ᠬᠤᠭᠤᠴᠠᠭ᠎ᠠ ᠶᠢ 4 ᠰᠠᠷ᠎ᠠ ᠶᠢᠨ 5᠎ ᠤ ᠡᠳᠦᠷ ᠠᠴᠠ 5 ᠰᠠᠷ᠎ᠠ ᠶᠢᠨ 19᠎ ᠤ ᠡᠳᠦᠷ ᠪᠤᠯᠲᠠᠯ᠎ᠡ᠂ ᠨᠡᠶᠢᠲᠡ 45 ᠡᠳᠦᠷ ᠬᠡᠷᠡᠭᠵᠢᠭᠦᠯᠬᠦ ᠪᠠᠷ ᠲᠣᠭᠲᠠᠪᠠ᠃      ᠬᠤᠶᠠᠷ᠂ ᠪᠡᠯᠴᠢᠭᠡᠷ ᠰᠡᠷᠭᠦᠭᠡᠬᠦ ᠬᠦᠷᠢᠶ᠎ᠡ ᠬᠡᠪᠴᠢᠶ᠎ᠡ      ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠲᠠᠢ ᠤᠶᠠᠯᠳᠤᠭᠤᠯᠤᠨ᠂ ᠪᠦᠬᠦ ᠬᠤᠰᠢᠭᠤᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠣᠭᠤᠷᠢᠭ ᠲᠤ ᠦᠬᠡᠷ᠂ ᠬᠤᠨᠢ ᠢᠮᠠᠭ᠎ᠠ ᠳᠤ ᠬᠠᠪᠤᠷ ᠤᠨ ᠤᠯᠠᠷᠢᠯ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠳᠦᠷᠢᠮ ︵ᠠᠳᠤᠭᠤ᠂ ᠲᠡᠮᠡᠭᠡ ᠪᠡᠯᠴᠢᠭᠡᠷ ᠰᠡᠷᠭᠦᠭᠡᠬᠦ ᠬᠡᠪᠴᠢᠶᠡᠨ ᠳᠤ ᠪᠠᠭᠲᠠᠬᠤ ᠦᠭᠡᠢ︶᠎ ᠢ ᠬᠡᠷᠡᠭᠵᠢᠭᠦᠯᠵᠦ᠂ ᠪᠡᠯᠴᠢᠭᠡᠷ ᠰᠡᠷᠭᠦᠭᠡᠬᠦ ᠪᠡᠯᠴᠢᠭᠡᠷ ᠤᠨ ᠲᠠᠯᠠᠪᠠᠢ 3629.62 ᠲᠦᠮᠡᠨ ᠮᠦ᠃      ᠭᠤᠷᠪᠠ᠂ ᠨᠥᠬᠦᠪᠦᠷᠢ ᠥᠭᠬᠦ ᠪᠠᠷᠢᠮᠵᠢᠶ᠎ᠠ      ᠪᠡᠯᠴᠢᠭᠡᠷ ᠰᠡᠷᠭᠦᠭᠡᠬᠦ ᠶᠢ ᠬᠡᠷᠡᠭᠵᠢᠭᠦᠯᠦᠭᠰᠡᠨ ᠮᠠᠯᠵᠢᠬᠤ ᠡᠷᠦᠬᠡ ᠳᠤ ᠪᠡᠯᠴᠢᠭᠡᠷ ᠰᠡᠷᠭᠦᠭᠡᠭᠰᠡᠨ ᠪᠡᠯᠴᠢᠭᠡᠷ ‍ᠤᠨ‌‍ᠲ᠋ᠠᠯᠠᠪᠠᠢ ᠪᠠᠷ ᠨᠥᠬᠦᠪᠦᠷᠢ ᠥᠭᠴᠦ᠂ ᠨᠥᠬᠦᠪᠦᠷᠢ ᠶᠢᠨ ᠪᠠᠷᠢᠮᠵᠢᠶ᠎ᠠ ᠨᠢ 1.125 ᠲᠥᠭᠦᠷᠢᠭ / ᠮᠦ ᠪᠣᠯᠣᠨ᠎ᠠ᠃      ᠳᠥᠷᠪᠡ᠂ ᠮᠠᠯ ᠤᠨ ᠬᠥᠳᠡᠯᠭᠡᠭᠡᠨ ᠤ ᠲᠠᠯᠠᠪᠤᠷ ᠭᠠᠷᠭᠠᠬᠤᠠᠳᠤᠭᠤ ᠪᠠ ᠲᠡᠮᠡᠭᠡ ᠶᠢ ᠪᠡᠯᠴᠢᠭᠡᠷ ᠰᠡᠷᠭᠦᠭᠡᠬᠦ ᠬᠡᠪᠴᠢᠶᠡᠨ ᠳᠤ ᠤᠷᠤᠭᠤᠯᠬᠤ ᠦᠭᠡᠢ᠂ ᠦᠬᠡᠷ ᠪᠠ ᠬᠤᠨᠢ ᠶᠢ ᠱᠠᠭᠠᠷᠳᠠᠯᠠᠭ᠎ᠠ ᠶᠣᠰᠣᠭᠠᠷ ᠬᠤᠨᠢᠴᠢᠯᠠᠭᠰᠠᠨ ᠨᠢᠭᠡᠴᠢ ᠨᠢᠭᠡᠪᠦᠷᠢ ᠶᠢ 20 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠬᠦ ᠦᠭᠡᠢ ᠪᠠᠶᠢᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠮᠠᠯ ᠤᠨ ᠬᠥᠳᠡᠯᠭᠡᠭᠡᠨ ᠤ ᠲᠠᠯᠠᠪᠤᠷ ᠭᠠᠷᠭᠠᠵᠤ᠂ ᠨᠢᠭᠡ ᠦᠬᠡᠷ ᠲᠠᠪᠤᠨ ᠬᠤᠨᠢᠴᠢᠯᠠᠭᠰᠠᠨ ᠨᠢᠭᠡᠴᠢ  ᠪᠠᠷ ᠪᠤᠳᠤᠵᠤ᠂ ᠨᠢᠭᠡ ᠲᠤᠭᠤᠯ ᠬᠤᠶᠠᠷ ᠴᠡᠭ ᠲᠠᠪᠤᠨ ᠬᠤᠨᠢᠴᠢᠯᠠᠭᠰᠠᠨ ᠨᠢᠭᠡᠴᠢ ᠪᠠᠷ ᠪᠤᠳᠤᠨ᠎ᠠ᠃ ᠬᠥᠳᠡᠯᠭᠡᠭᠡᠨ ᠤ ᠲᠠᠯᠠᠪᠤᠷ ᠢ ᠮᠠᠯ ᠤᠨ ᠫᠧᠩ ᠬᠤᠷᠢᠶ᠎ᠠ ᠶᠢᠨ ᠣᠷᠴᠢᠨ ᠳᠤ ᠲᠣᠬᠢᠷᠠᠭᠤᠯᠵᠤ᠂ ᠲᠦᠷᠪᠡᠨ ᠵᠠᠬ᠎ᠠ ᠶᠢᠨ ᠵᠠᠭᠠᠭ ᠬᠢᠵᠠᠭᠠᠷ᠂ ᠮᠠᠯ ᠤᠰᠤᠯᠠᠬᠤ ᠵᠠᠮ ᠢ ᠵᠦᠢ ᠵᠣᠬᠢᠰᠲᠠᠢ ᠲᠣᠬᠢᠷᠠᠭᠤᠯᠬᠤ ᠶᠢᠨ ᠬᠠᠮᠲᠤ᠂ ᠬᠥᠳᠡᠯᠭᠡᠭᠡᠨ ᠤ ᠲᠠᠯᠠᠪᠤᠷ ᠤᠨ ᠲᠡᠮᠳᠡᠭ ᠫᠠᠶᠢᠰᠠ ᠢ ᠲᠣᠳᠣᠷᠬᠠᠢ ᠪᠠᠶᠢᠷᠠᠨ ᠳᠤ ᠬᠠᠳᠠᠵᠤ᠂ ᠬᠥᠳᠡᠯᠭᠡᠭᠡᠨ ᠤ ᠲᠠᠯᠠᠪᠤᠷ ᠤᠨ ᠭᠠᠳᠠᠨ᠎ᠠ ᠮᠠᠯ ᠮᠠᠯᠵᠢᠬᠤ ᠶᠢ ᠴᠠᠭᠠᠵᠠᠯᠠᠨ᠎ᠠ᠃ ᠡᠭᠦᠨ ᠠᠴᠠ ᠭᠠᠳᠠᠨ᠎ᠠ ᠲᠦᠯ ᠮᠠᠯ ᠬᠦᠬᠦᠭᠦᠯᠬᠦ ᠬᠥᠳᠡᠯᠭᠡᠭᠡᠨ ᠤ ᠲᠠᠯᠠᠪᠠᠢ ᠶᠢ ᠨᠡᠮᠡᠵᠦ᠂ ᠬᠤᠷᠠᠭ᠎ᠠ ᠲᠠᠢ ᠬᠤᠨᠢ ᠪᠦᠷᠢ ᠳᠤ 0.5 ᠮᠦ ᠠᠴᠠ ᠬᠡᠲᠦᠷᠡᠭᠦᠯᠵᠦ ᠪᠤᠯᠬᠤ ᠦᠭᠡᠢ᠂ ᠡᠳᠦᠷ ᠪᠦᠷᠢ ᠶᠢᠨ ᠦᠳᠡ ᠶᠢᠨ ᠡᠮᠦᠨ᠎ᠡ 8᠄ 00᠎ ᠠᠴᠠ 10᠄ 00 ᠴᠠᠭ᠂ ᠦᠳᠡ ᠶᠢᠨ ᠬᠤᠶᠢᠨ᠎ᠠ 15᠄ 00᠎ ᠠᠴᠠ 17᠄ 00 ᠴᠠᠭ ᠲᠤ ᠲᠦᠯ ᠮᠠᠯ ᠬᠦᠭᠦᠭᠦᠯᠵᠤ ᠪᠣᠯᠣᠨ᠎ᠠ᠂ ᠲᠦᠯ ᠮᠠᠯ ᠬᠦᠬᠦᠭᠦᠯᠬᠦ ᠴᠠᠭ ᠢ ᠴᠢᠩᠭ᠎ᠠ ᠬᠢᠵᠠᠭᠠᠷᠯᠠᠨ᠎ᠠ᠃      ᠲᠠᠪᠤ ᠂ ᠬᠠᠮᠢᠶ᠎ᠠ ᠪᠦᠬᠦᠢ ᠱᠠᠭᠠᠷᠳᠠᠯᠭ᠎ᠠ      ︵ᠨᠢᠭᠡ︶ ᠡᠯ᠎ᠡ ᠰᠤᠮᠤ ᠪᠠᠯᠭᠠᠰᠤ ᠨᠢ ᠪᠡᠯᠴᠢᠭᠡᠷ ᠰᠡᠷᠭᠦᠭᠡᠬᠦ ᠲᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠵᠦ᠂ ᠮᠠᠯᠵᠢᠬᠤ ᠡᠷᠦᠬᠡ ᠳᠤ ᠬᠤᠯᠪᠣᠭᠳᠠᠬᠤ ᠡᠯ᠎ᠡ ᠲᠦᠷᠦᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠲᠣᠭᠤᠷᠢᠭ ᠲᠤ ᠮᠠᠯᠵᠢᠬᠤ ᠶᠢ ᠪᠦᠬᠦ ᠲᠠᠯ᠎ᠠ ᠪᠠᠷ ᠴᠠᠭᠠᠵᠠᠯᠠᠵᠤ᠂ ᠦᠬᠡᠷ᠂ ᠬᠤᠨᠢ ᠬᠠᠷᠢᠭᠤᠯᠵᠤ ᠪᠤᠯᠬᠤ ᠦᠭᠡᠢ᠃ ᠥᠷᠭᠡᠨ ᠤᠯᠠᠨ ᠮᠠᠯᠴᠢᠨ ᠲᠦᠮᠡᠨ ᠪᠡᠯᠴᠢᠭᠡᠷ ᠰᠡᠷᠭᠦᠭᠡᠬᠦ ᠲᠣᠭᠲᠠᠭᠠᠯ ᠢ ᠤᠬᠠᠮᠰᠠᠷ ᠠᠴᠠ ᠪᠠᠨ ᠬᠡᠷᠡᠭᠵᠢᠭᠦᠯᠵᠦ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠠ ᠤᠢ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃      ︵ᠬᠤᠶᠠᠷ︶ ᠡᠯ᠎ᠡ ᠰᠤᠮᠤ ᠪᠠᠯᠭᠠᠰᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠤᠯᠲᠠ ᠢᠶᠠᠨ ᠴᠢᠩᠭᠠᠳᠬᠠᠨ᠂ ᠨᠤᠲᠤᠭ ᠪᠡᠯᠴᠢᠭᠡᠷ ᠤᠨ ᠬᠠᠤᠯᠢ ᠴᠠᠭᠠᠵᠠ ᠲᠦᠷᠢᠮ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠡ᠂ ᠮᠠᠯᠵᠢᠬᠤ ᠡᠷᠦᠬᠡ ᠶᠢᠨ ᠮᠠᠯ ᠰᠦᠷᠦᠭ ᠎ ᠢᠶᠠᠨ ᠬᠠᠰᠢᠶᠠᠯᠠᠨ ᠲᠡᠵᠢᠭᠡᠬᠦ ᠶᠢ ᠱᠠᠯᠠᠪᠳᠠᠭᠤᠯᠬᠤ ᠶᠢᠨ ᠬᠠᠮᠲᠤ ᠡᠪᠡᠰᠦ ᠪᠣᠷᠳᠤᠭ᠎ᠠ ᠨᠥᠭᠡᠴᠡᠯᠡᠬᠦ᠂ ᠤᠰᠤᠨ ᠤ ᠡᠬᠢ ᠰᠤᠷᠪᠤᠯᠵᠢ ᠶᠢ ᠪᠠᠲᠤᠯᠠᠬᠤ᠂ ᠬᠥᠳᠡᠯᠭᠡᠭᠡᠨ ᠤ ᠲᠠᠯᠠᠪᠤᠷ ᠲᠣᠬᠢᠷᠠᠭᠤᠯᠬᠤ ᠪᠠ ᠫᠠᠶᠢᠰᠠ ᠢᠯᠡᠷᠬᠡᠶᠢᠯᠡᠯ ᠪᠣᠰᠬᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ︔ ᠲᠠᠷᠢᠶᠠᠯᠠᠩ‌ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠠᠴᠠ ᠬᠠᠰᠢᠶᠠᠯᠠᠨ ᠲᠡᠵᠢᠭᠡᠬᠦ ᠮᠡᠷᠭᠡᠵᠢᠯ ᠤᠨ ᠵᠢᠯᠣᠭᠤᠳᠤᠯᠭ᠎ᠠ᠂ ᠬᠢᠵᠢᠭ ᠢ ᠰᠡᠷᠭᠡᠶᠢᠯᠡᠬᠦ ᠪᠠ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ︔ ᠤᠢ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠠᠴᠠ ᠵᠢᠭᠠᠨ ᠵᠢᠯᠤᠭᠤᠳᠴᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠨᠤᠲᠤᠭ ᠪᠡᠯᠴᠢᠭᠡᠷ ᠤᠨ ᠲᠤᠰᠬᠠᠢ ᠲᠤᠰᠢᠶᠠᠯᠲᠤ ᠬᠠᠮᠢᠶᠠᠷᠤᠨ ᠬᠠᠮᠠᠯᠠᠭᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠨᠠᠨ ᠬᠠᠮᠢᠶᠠᠷᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ︔ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠢ ᠵᠥᠷᠢᠴᠡᠵᠦ ᠮᠠᠯᠵᠢᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠭᠲᠠᠭᠠᠯ ᠠᠴᠠ ᠵᠥᠷᠢᠴᠡᠨ ᠮᠠᠯᠵᠢᠬᠤ ᠠᠵᠢᠯᠯᠠᠭ᠎ᠠ ᠶᠢ ᠬᠤᠯᠪᠣᠭᠳᠠᠯ ᠪᠦᠬᠦᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ︵ᠭᠤᠷᠪᠠ︶ ᠬᠠᠷᠠᠯᠲᠠᠲᠤ ᠬᠠᠮᠢᠶᠠᠷᠤᠯᠲᠠ‌‍ᠶᠢ ᠬᠡᠷᠡᠭᠵᠢᠭᠦᠯᠵᠦ᠂ ᠪᠡᠯᠴᠢᠭᠡᠷ ᠰᠡᠷᠭᠦᠭᠡᠬᠦ ᠠᠵᠢᠯ ᠢ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠰᠤᠮᠤ ᠪᠠᠯᠭᠠᠰᠤᠨ ᠤ ᠤᠨ ᠤ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ ᠠᠮᠢ ᠠᠬᠤᠢ ᠶᠢᠨ ᠣᠷᠴᠢᠨ ᠲᠣᠭᠤᠷᠢᠨ ᠪᠠ ᠣᠢ ᠰᠢᠭᠤᠢ ᠡᠪᠡᠰᠦ ᠪᠡᠯᠴᠢᠭᠡᠷ ᠢ ᠰᠢᠯᠭᠠᠨ ᠬᠢᠨᠠᠵᠤ ᠦᠨᠡᠯᠡᠬᠦ ᠴᠢᠬᠤᠯᠠ ᠦᠨᠳᠦᠰᠦᠯᠡᠯ ᠪᠣᠯᠭᠠᠨ᠎ᠠ᠃ ᠪᠡᠯᠴᠢᠭᠡᠷ ᠰᠡᠷᠭᠦᠭᠡᠬᠦ ᠠᠵᠢᠯ ᠢ ᠨᠠᠶᠢᠳᠠᠪᠤᠷᠢᠵᠢᠭᠤᠯᠤᠰᠠᠨ ᠨᠢ ᠬᠦᠷᠦᠯᠴᠡᠬᠦ ᠦᠭᠡᠢ ᠰᠤᠮᠤ ᠪᠠᠯᠭᠠᠰᠤ ᠶᠢ ᠨᠡᠶᠢᠲᠡᠯᠡᠵᠦ᠂ ᠠᠰᠠᠭᠤᠳᠠᠯ ᠬᠦᠨᠳᠦ ᠨᠣᠴᠢᠲᠠᠢ ᠪᠠᠶᠢᠭ᠎ᠠ ᠰᠤᠮᠤ ᠪᠠᠯᠭᠠᠰᠤ ᠶᠢ ᠪᠣᠯᠵᠣᠨ ᠶᠠᠷᠢᠯᠴᠠᠨ᠎ᠠ᠃      ︵ᠳᠥᠷᠪᠡ︶ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ᠂ ᠬᠤᠰᠢᠭᠤ ᠪᠠᠶᠢᠭᠠᠯᠢ ᠎ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠪᠠ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠨᠠᠨ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠬᠦ ᠬᠡᠷᠡᠭᠲᠡᠢ᠃ ᠪᠡᠯᠴᠢᠭᠡᠷ ᠰᠡᠷᠭᠦᠭᠡᠬᠦ ᠠᠵᠢᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠵᠠᠯᠠᠷᠠᠭᠤᠯᠬᠤ ᠬᠡᠷᠡᠭᠲᠡᠢ᠃ ᠬᠤᠰᠢᠭᠤ ᠣᠢ ᠰᠢᠭᠤᠢ ᠨᠤᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠡᠷᠭᠡ ᠨᠢ ᠬᠢᠨᠠᠯᠲᠠ ᠲᠠᠯᠪᠢᠬᠤ ᠪᠠᠨ‌‍ᠴᠢᠩᠭᠠᠳᠬᠠᠨ᠂ ᠠᠭᠠᠷ ᠠᠴᠠ ᠰᠡᠭᠦᠳᠡᠷᠯᠠᠬᠦ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠶᠢ ᠠᠰᠢᠭᠯᠠᠨ ᠪᠠᠶᠢᠴᠠᠭᠠᠵᠤ᠂ ᠪᠡᠯᠴᠢᠭᠡᠷ ᠰᠡᠷᠭᠦᠭᠡᠬᠦ ᠬᠤᠭᠤᠴᠠᠭᠠᠨ‌‍ᠳᠤ ᠪᠠᠶᠢᠴᠠᠭᠠᠯᠳᠠ ᠶᠢ 2 ᠤᠳᠠᠭ᠎ᠠ ᠠᠴᠠ ᠪᠠᠭ᠎ᠠ ᠪᠠᠶᠢᠯᠭᠠᠵᠤ ᠪᠤᠯᠬᠤ ᠦᠭᠡᠢ᠃      ︵ᠲᠠᠪᠤ︶ ᠪᠡᠯᠴᠢᠭᠡᠷ ᠰᠡᠷᠭᠦᠭᠡᠬᠦ ᠬᠤᠭᠤᠴᠠᠭᠠᠨ ᠳᠤ᠂ ᠮᠠᠯᠵᠢᠬᠤ ᠡᠷᠦᠬᠡ ᠲᠣᠭᠲᠠᠭᠠᠯ ᠢ ᠵᠥᠷᠢᠴᠡᠨ 2 ᠤᠳᠠᠭ᠎ᠠ ᠠᠴᠠ ᠳᠡᠭᠡᠭᠰᠢ ᠪᠡᠯᠴᠢᠭᠡᠷ ᠳᠤ ᠭᠠᠷᠭᠠᠪᠠᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ︾᠎ ᠤᠨ ᠱᠠᠭᠠᠷᠳᠠᠯᠠᠭ᠎ᠠ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠲᠤᠰ ᠤᠨ ᠤ ᠪᠡᠯᠴᠢᠭᠡᠷ ᠰᠡᠷᠭᠦᠭᠡᠬᠦ ᠨᠥᠬᠦᠪᠥᠷᠢ ᠶᠢ ᠨᠢ ᠵᠤᠭᠰᠤᠭᠠᠵᠤ᠂ ᠨᠦᠬᠦᠪᠦᠷᠢ ᠮᠥᠩᠭᠦ ᠶᠢ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠳᠤ ᠨᠢᠭᠡᠳᠦᠯᠲᠡᠢ ᠲᠣᠬᠢᠷᠠᠭᠤᠯᠵᠤ ᠬᠡᠷᠡᠭᠯᠡᠨ᠎ᠡ᠃      ︵ᠵᠢᠷᠭᠤᠭ᠎ᠠ︶ ᠪᠡᠯᠴᠢᠭᠡᠷ ᠰᠡᠷᠭᠦᠭᠡᠬᠦ ᠠᠵᠢᠯ ᠲᠠᠭᠤᠰᠤᠭᠰᠠᠨ ᠤ ᠳᠠᠷᠠᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠡᠯ᠎ᠡ ᠰᠤᠮᠤ ᠪᠠᠯᠭᠠᠰᠤᠨ ᠳᠤ ᠰᠢᠯᠭᠠᠨ ᠪᠠᠶᠢᠴᠠᠭᠠᠵᠤ᠂ ᠪᠡᠯᠴᠢᠭᠡᠷ ᠰᠡᠷᠭᠦᠭᠡᠬᠦ ᠳᠦᠷᠢᠮ ᠢ ᠴᠢᠩᠭ᠎ᠠ ᠨᠢᠮᠪᠠᠢ ᠨᠠᠶᠢᠳᠠᠪᠤᠷᠢᠵᠢᠭᠤᠯᠤᠭᠰᠠᠨ ᠮᠠᠯᠵᠢᠬᠤ ᠡᠷᠦᠬᠡ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ︽ᠨᠢᠭᠡ ᠺᠠᠷᠲ︾᠎ ᠪᠠᠷ ᠳᠠᠮᠵᠢᠭᠤᠯᠤᠨ ᠪᠡᠯᠴᠢᠭᠡᠷ ᠰᠡᠷᠭᠦᠭᠡᠬᠦ ᠨᠥᠬᠦᠪᠦᠷᠢ ᠣᠯᠭᠤᠨ᠎ᠠ᠃ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠢ᠂ ᠳᠠᠯᠳᠠᠭᠤᠷ ᠮᠠᠯᠵᠢᠭᠰᠠᠨ ᠵᠡᠷᠭᠡ ᠠᠵᠢᠯᠯᠠᠭ᠎ᠠ ᠲᠠᠢ ᠮᠠᠯᠵᠢᠬᠤ ᠡᠷᠦᠬᠡ ᠳᠤ ᠪᠡᠯᠴᠢᠭᠡᠷ ᠰᠡᠷᠭᠦᠭᠡᠬᠦ ᠨᠥᠬᠦᠪᠥᠷᠢ ᠶᠢ ᠬᠠᠰᠤᠵᠤ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃      ︵ᠲᠤᠯᠤᠭ᠎ᠠ︶ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠢᠯᠡᠴᠢᠯᠡᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠬᠡᠷᠡᠭᠵᠢᠭᠦᠯᠬᠦ ᠭᠤᠣᠯ ᠴᠣᠭᠴᠠ ᠠᠴᠠ ᠥᠪᠡᠷ ᠲᠡᠭᠡᠨ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ᠂ ᠣᠯᠠᠨ ᠲᠦᠮᠡᠨ ᠤ ᠬᠢᠨᠠᠯᠲᠠ ᠲᠠᠯᠪᠢᠬᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠮᠲᠤ ᠶᠢᠨ ᠬᠦᠴᠦᠨ ᠢ ᠪᠣᠢ ᠪᠣᠯᠭᠠᠨ᠂ ᠥᠷᠭᠡᠨ ᠣᠯᠠᠨ ᠠᠷᠠᠳ ᠲᠦᠮᠡᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠬᠡᠷᠡᠭᠲᠡᠢ᠃        ᠢᠯᠡᠴᠢᠯᠡᠨ ᠮᠡᠳᠡᠭᠦᠯᠬᠦ ᠤᠲᠠᠰᠤ᠄      ᠪᠡᠯᠭᠦᠳᠡᠢ ᠪᠠᠯᠭᠠᠰᠤ  ᠄ 2026683      ᠬᠤᠩᠭᠤᠷᠭᠤᠣᠯ ᠪᠠᠯᠭᠠᠰᠤ᠄ 2402203      ᠴᠠᠭᠠᠨᠨᠠᠭᠤᠷ ᠪᠠᠯᠭᠠᠰᠤ᠄ 2457118      ᠨᠠᠷᠠᠨᠪᠤᠯᠠᠭ ᠰᠤᠮᠤ᠄ 2301368      ᠶᠡᠬᠡᠭᠤᠤᠯ ᠰᠤᠮᠤ᠄ 2317120      ᠵᠢᠷᠭᠠᠯᠠᠩᠲᠤ ᠰᠤᠮᠤ᠄ 2300653      ᠪᠠᠶᠠᠨᠲᠤᠭ ᠰᠤᠮᠤ᠄ 2300889
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号