ᠪᠦᠬᠦ ᠠᠶᠢᠮᠠᠭ ᠤᠨ ᠠᠩᠬᠠᠳᠠᠭᠴᠢ ᠤᠰᠤᠲᠥ᠋ᠷᠥᠭᠴᠢ ᠨᠡᠮᠡᠬᠦ ᠥᠷᠲᠡᠭᠡ ᠠᠪᠠᠭ᠎ᠠ ᠬᠤᠰᠢᠭᠤᠨ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/3/6
    12 ᠰᠠᠷ᠎ᠠ ᠶᠢᠨ 28 ᠤ ᠡᠳᠦᠷ᠂ ᠠᠪᠠᠭ᠎ᠠ ᠬᠤᠰᠢᠭᠤᠨ ᠤ ᠵᠢᠩ ᠨᠧᠩ ᠴᠠᠭᠠᠨᠨᠠᠭᠤᠷ ᠤᠨ ︽ᠨᠠᠷᠠ ᠰᠠᠯᠬᠢᠨ ᠢᠯᠴᠢ ᠤᠰᠤᠲᠥ᠋ᠷᠥᠭᠴᠢ ᠶᠢ ᠨᠥᠭᠡᠴᠡᠯᠡᠬᠦ︾ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠤᠰᠤᠲᠥ᠋ᠷᠥᠭᠴᠢ ᠨᠡᠮᠡᠬᠦ ᠥᠷᠲᠡᠭᠡ ᠶᠢ ᠢᠵᠢ ᠪᠦᠷᠢᠳᠦᠭᠦᠯᠦᠨ᠂ ︽ᠤᠰᠤᠲᠥ᠋ᠷᠥᠭᠴᠢ ᠶᠢ ᠨᠡᠪᠲᠡᠷᠡᠭᠦᠯᠬᠦ︾ ᠶᠢ ᠠᠮᠵᠢᠯᠲᠠ ᠲᠠᠢ ᠪᠡᠶᠡᠯᠡᠭᠦᠯᠵᠦ᠂ ᠪᠥᠬᠦ ᠠᠶᠢᠮᠠᠭ ᠤᠨ ᠤᠰᠤᠲᠥ᠋ᠷᠥᠭᠴᠢ ᠨᠡᠮᠡᠬᠦ ᠬᠦᠷᠢᠶᠡᠨ ᠳᠤ ︽ᠲᠡᠭ︾ ᠰᠢᠪᠲᠤᠯᠤᠯᠲᠠ ᠶᠢ ᠪᠡᠶᠡᠯᠡᠭᠦᠯᠪᠡ᠃ ᠲᠤᠰ ᠤᠰᠤᠲᠥ᠋ᠷᠥᠭᠴᠢ ᠨᠡᠮᠡᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 500 kg/d ᠪᠠᠶᠢᠵᠤ᠂ ᠡᠮᠦᠨᠡᠬᠢ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠤᠭᠰᠠᠨ ᠤᠰᠤᠲᠥ᠋ᠷᠥᠭᠴᠢ ᠦᠢᠯᠡᠳᠬᠦ ᠥᠷᠲᠡᠭᠡ ᠲᠠᠢ ᠬᠠᠷᠢᠯᠴᠠᠨ ᠬᠤᠯᠪᠣᠯᠳᠤᠵᠤ᠂ ᠤᠰᠤᠲᠥ᠋ᠷᠥᠭᠴᠢ ᠦᠢᠯᠡᠳᠬᠦ ᠥᠷᠲᠡᠭᠡ ᠨᠢ ᠵᠢᠩ ᠨᠧᠩ ᠴᠠᠭᠠᠨᠨᠠᠭᠤᠷ ᠤᠨ ᠴᠠᠬᠢᠯᠭᠠᠨ ᠦᠢᠯᠡᠳᠪᠦᠷᠢ ᠶᠢᠨ ᠴᠠᠬᠢᠯᠭᠠᠨ ᠭᠠᠷᠭᠠᠬᠤ ᠮᠠᠰᠢᠨ ᠤ ᠤᠰᠤᠲᠥ᠋ᠷᠥᠭᠴᠢ ᠶᠢᠨ ᠬᠦᠢᠲᠡᠨ ᠱᠠᠭᠠᠷᠳᠠᠯᠭ᠎ᠠ ᠶᠢ ᠬᠠᠩᠭᠠᠭᠰᠠᠨ ᠤ ᠳᠠᠷᠠᠭ᠎ᠠ᠂ ᠡᠳᠦᠷ ᠪᠦᠷᠢ ᠪᠠᠷᠤᠭ 1 ᠲᠣᠨ ᠤᠰᠤᠲᠥ᠋ᠷᠥᠭᠴᠢ ᠶᠢᠨ ᠲᠦᠯᠡᠰᠢ ᠶᠢ ᠣᠰᠤᠳᠦ᠋ᠷᠦᠭᠴᠢ ᠦᠢᠯᠡᠳᠬᠦ ᠦᠷᠲᠡᠭᠡ ᠳᠤ ᠬᠦᠷᠭᠡᠵᠦ᠂ 30 ᠢᠵᠢ ᠳ᠋ᠢᠶᠠᠨ ᡂᠢ ᠶᠢᠨ ᠬᠦᠨᠳᠦ ᠠᠴᠢᠶᠠᠨ ᠤ ᠮᠠᠰᠢᠨ᠂ ᠲᠣᠮᠣ ᠬᠡᠯᠪᠡᠷᠢ ᠶᠢᠨ ᠪᠠ ᠵᠢᠵᠢᠭ ᠬᠡᠯᠪᠡᠷᠢ ᠶᠢᠨ ᠤᠰᠤᠲᠥ᠋ᠷᠥᠭᠴᠢ ᠬᠡᠷᠡᠭᠯᠡᠬᠦ ᠮᠠᠰᠢᠨ ᠤ ᠬᠡᠷᠡᠭᠴᠡᠭᠡ ᠶᠢ ᠬᠠᠩᠭᠠᠵᠤ᠂ ᠴᠠᠬᠢᠯᠭᠠᠨ ᠦᠢᠯᠡᠳᠪᠦᠷᠢ ᠶᠢᠨ ᠦᠢᠯᠡᠳᠪᠦᠷᠢᠯᠡᠯ ᠳᠤ ᠬᠡᠷᠡᠭᠯᠡᠬᠦ ᠨᠡᠭᠦᠷᠡᠰᠦ ᠵᠢᠴᠢ ᠦᠨᠡᠰᠦ ᠰᠢᠭᠠᠷᠤ ᠲᠡᠭᠡᠭᠡᠪᠦᠷᠢᠯᠡᠬᠦ ᠭᠤᠭᠴᠤᠭ᠎ᠠ ᠶᠢᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠬᠡᠷᠡᠭᠴᠡᠭᠡ ᠶᠢ ᠬᠠᠩᠭᠠᠵᠤ᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢᠨ ᠳᠣᠣᠷ᠎ᠠ᠂ ᠴᠠᠬᠢᠯᠭᠠᠨ ᠥᠷᠲᠡᠭᠡᠨ ᠤ ᠠᠵᠤ ᠠᠬᠤᠢ ᠶᠢᠨ ᠦᠷ᠎ᠡ ᠠᠰᠢᠭ ᠢ ᠢᠯᠡᠳᠲᠡ ᠰᠠᠶᠢᠵᠢᠷᠠᠭᠤᠯᠵᠤ᠂ ᠲᠠᠬᠢᠨ ᠡᠭᠦᠰᠴᠦ ᠪᠣᠯᠬᠤ ᠡᠨᠧᠷᠭᠢ ᠶᠢᠨ ᠤᠰᠤᠲᠥ᠋ᠷᠥᠭᠴᠢ ᠦᠢᠯᠡᠳᠬᠦ ᠵᠢᠴᠢ ᠠᠰᠢᠭᠯᠠᠬᠤ ᠪᠦᠬᠦ ᠶᠠᠪᠤᠴᠠ ᠶᠢ ᠤᠷᠤᠭᠰᠢᠲᠠᠢ ᠪᠡᠶᠡᠯᠡᠭᠦᠯᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号