12 ᠰᠠᠷ᠎ᠠ ᠶᠢᠨ 30 ᠤ ᠡᠳᠦᠷ᠂ ᠠᠪᠠᠭ᠎ᠠ ᠬᠤᠰᠢᠭᠤᠨ ᠤ ᠨᠣᠭᠤᠭᠠᠨ ᠡᠨᠧᠷᠭᠢ ᠶᠢᠨ 50 ᠲᠦᠮᠡᠨ | ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠪᠦᠬᠦᠨ ᠢᠶᠠᠷ ᠢᠶᠠᠨ ᠲᠣᠤᠷ ᠲᠤ ᠨᠡᠶᠢᠯᠡᠭᠦᠯᠦᠨ | ᠴᠠᠬᠢᠯᠭᠠᠨ ᠭᠠᠷᠭᠠᠪᠠ᠃ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 30 ᠳ᠋ᠦᠩᠰᠢᠭᠤᠷ | ᠲᠥᠭᠦᠷᠢᠭ ᠲᠤ ᠬᠦᠷᠴᠦ᠂ ᠠᠪᠠᠭ᠎ᠠ ᠬᠤᠰᠢᠭᠤᠨ ᠤ ᠯᠢᠦᠢ ᠨᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠠᠴᠠ | ᠪᠦᠲᠦᠭᠡᠨ ᠪᠠᠶᠢᠭᠤᠯᠵᠤ᠂ 2022 ᠣᠨ ᠤ 4 ᠰᠠᠷ᠎ᠠ ᠶᠢᠨ 15 ᠤ ᠡᠳᠦᠷ ᠪᠠᠷᠢᠯᠭ᠎ᠠ ᠡᠬᠢᠯᠡᠭᠦᠯᠵᠦ᠂ ᠶᠡᠷᠦᠩᠬᠡᠢ | ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 50 ᠲᠦᠮᠡᠨ ᠺᠢᠯᠣᠸᠠᠲ ᠲᠤ ᠬᠦᠷᠴᠦ᠂ ᠲᠠᠩ ᠮᠠᠰᠢᠨ ᠤ | ᠪᠠᠭᠲᠠᠭᠠᠮᠵᠢ ᠨᠢ 5.2 ᠰᠠᠶ᠎ᠠ ᠸᠠᠲ᠂ ᠲᠠᠩ ᠮᠠᠰᠢᠨ ᠤ ᠪᠠᠭᠲᠠᠭᠠᠮᠵᠢ ᠨᠢ 5 ᠰᠠᠶ᠎ᠠ ᠸᠠᠲ ᠪᠠ 3 ᠰᠠᠭᠤᠷᠢ ᠳᠠᠩ | ᠮᠠᠰᠢᠨ ᠤ ᠪᠠᠭᠲᠠᠭᠠᠮᠵᠢ ᠨᠢ 6.7 ᠰᠠᠶ᠎ᠠ ᠸᠠᠲ ᠪᠣᠯᠤᠨ᠎ᠠ᠃ ᠲᠥᠷᠥᠯ ᠵᠦᠢᠯ ᠤᠨ ᠪᠥᠬᠦ ᠪᠠᠭᠲᠠᠭᠠᠮᠵᠢ ᠪᠠᠷ ᠢᠶᠠᠨ | ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠭᠰᠠᠨ ᠤ ᠳᠠᠷᠠᠭ᠎ᠠ᠂ ᠵᠢᠯ ᠪᠦᠷᠢ 16 ᠳ᠋ᠦᠩᠰᠢᠭᠤᠷ ᠺᠢᠯᠣᠸᠠᠲ ᠴᠠᠭ ᠲᠤ | ᠬᠦᠷᠴᠦ᠂ ᠪᠠᠷᠢᠮᠵᠢᠶ᠎ᠠ ᠨᠡᠭᠦᠷᠡᠰᠦ ᠶᠢ ᠪᠠᠷᠤᠭ 49.276 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠢ 123.388 ᠲᠦᠮᠡᠨ ᠲᠣᠨ ᠠᠷᠪᠢᠯᠠᠵᠤ᠂ ᠮᠠᠨ ᠤ ᠬᠤᠰᠢᠭᠤᠨ ᠤ ᠰᠢᠨ᠎ᠡ ᠡᠨᠧᠷᠭᠢ ᠶᠢᠨ ᠠᠵᠤ | ᠦᠢᠯᠡᠰ ᠢ ᠬᠥᠭᠵᠢᠭᠦᠯᠬᠦ᠂ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ | ᠪᠠ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ |