ᠠᠪᠠᠭ᠎ᠠ ᠬᠤᠰᠢᠭᠤ 2024 ᠤᠨ ᠤ ︽ᠤᠷᠢᠬᠠᠨ ᠬᠠᠪᠤᠷ︾᠎ ᠤᠨ ᠠᠵᠢᠯᠯᠠᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2024/3/7
      2 ᠰᠠᠷ᠎ᠠ ᠶᠢᠨ 26᠎ ᠤ ᠡᠳᠦᠷ᠂ ᠠᠪᠠᠭ᠎ᠠ ᠬᠤᠰᠢᠭᠤ ︽ᠤᠷᠢᠬᠠᠨ ᠬᠠᠪᠤᠷ︾ ᠠᠵᠢᠯ ᠣᠯᠭᠤᠯᠲᠠ ᠶᠢ ᠠᠬᠢᠭᠤᠯᠵᠤ ᠨᠠᠷᠢᠯᠢᠭ ᠣᠨᠣᠪᠴᠢᠲᠠᠢ ᠦᠢᠯᠡᠴᠢᠯᠡᠨ ᠬᠥᠭᠵᠢᠯᠲᠡ ᠶᠢ ᠠᠬᠢᠭᠤᠯᠤᠶ᠎ᠠ ᠭᠡᠰᠡᠨ ᠭᠤᠣᠯ ᠰᠡᠳᠦᠪᠲᠦ 2024 ᠣᠨ ᠤ  ︽ᠤᠷᠢᠬᠠᠨ ᠬᠠᠪᠤᠷ︾ ᠠᠵᠢᠯᠯᠠᠭ᠎ᠠ ᠶᠢᠨ ᠬᠤᠷᠠᠯ ᠡᠷᠬᠢᠯᠡᠪᠡ᠃ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠠᠬᠢᠭᠤᠯᠬᠤ ᠶᠢᠨ ᠲᠥᠯᠥᠭᠡ᠂ ᠵᠣᠯᠭᠠᠭᠤᠯᠬᠤ ᠲᠠᠪᠴᠠᠩ ᠢ ᠢᠳᠡᠪᠬᠢᠲᠡᠶ ᠪᠠᠶᠢᠭᠤᠯᠵᠤ᠂ ᠠᠵᠢᠯ ᠣᠯᠭᠤᠬᠤ ᠠᠵᠢᠯ ᠤᠨ ᠪᠠᠶᠢᠷᠢ ᠶᠢ ᠥᠷᠭᠡᠨ ᠢᠶᠠᠷ ᠴᠤᠭᠯᠠᠭᠤᠯᠵᠤ᠂ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ᠪᠢᠴᠢᠯ ᠮᠡᠳᠡᠭᠡ᠂ ᠭᠠᠷ ᠤᠲᠠᠰᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷᠡᠭᠴᠡᠭᠡ ᠪᠥᠬᠦᠶ ᠬᠥᠮᠦᠨ ᠬᠡᠷᠡᠭᠯᠡᠬᠦ ᠨᠢᠭᠡᠴᠡ ᠳᠤ ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠶᠢ ᠨᠠᠶᠢᠳᠠᠯᠠᠪᠠ᠃ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠨᠡᠶᠢᠲᠡ 10 ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ᠂ 276 ᠠᠵᠢᠯ ᠤᠨ ᠪᠠᠶᠢᠷᠢ ᠬᠠᠩᠭᠠᠵᠤ᠂ ᠠᠬᠤᠢ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠨᠢ 200 ᠭᠠᠷᠤᠶ ᠬᠥᠮᠦᠨ ᠲᠠᠯᠠᠪᠠᠶ ᠳᠤ ᠢᠷᠡᠵᠤ ᠠᠵᠢᠯ ᠡᠷᠢᠵᠦ᠂ ᠠᠵᠢᠯᠯᠠᠭ᠎ᠠ ᠶᠢᠨ ᠬᠤᠭᠤᠴᠠᠭᠠᠨ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 700 ᠭᠠᠷᠤᠶ ᠬᠤᠪᠢ ᠲᠠᠷᠬᠠᠭᠠᠵᠤ᠂ ᠠᠵᠢᠯᠲᠠᠨ ᠠᠴᠠ ᠲᠤᠬᠠᠶ ᠶᠢᠨ ᠲᠠᠯᠠᠪᠠᠶ ᠳᠤ ᠣᠯᠠᠨ ᠲᠦᠮᠡᠨ ᠤ ᠠᠰᠠᠭᠤᠳᠠᠯ ᠢ ᠬᠠᠷᠢᠭᠤᠯᠵᠤ᠂ ᠠᠵᠤ ᠠᠬᠤᠶᠢᠯᠠᠯ ᠪᠠ ᠠᠵᠢᠯ ᠡᠷᠢᠭᠴᠢ ᠶᠢᠨ ᠣᠯᠠᠨ ᠡᠰᠢᠵᠢᠭᠰᠡᠨ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ ᠲᠤᠬᠠᠢ ᠶᠢᠨ ᠲᠠᠯᠠᠪᠠᠢ ᠳᠤ 12 ᠬᠦᠮᠤᠨ ᠠᠩᠬ᠎ᠠ ᠠᠯᠬᠤᠮ ᠠᠵᠢᠯ ᠤᠯᠬᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号