ᠠᠶᠤᠯᠬᠦᠢ ᠦᠢᠯᠡᠳᠪᠤᠷᠢᠯᠡᠯ ᠤᠨ ᠮᠡᠳᠡᠯᠬᠡ ᠶᠢᠨ ᠰᠢᠡᠵᠢᠯᠡᠬᠦ ᠤᠬᠠᠭᠠᠨ ᠢ ᠲᠦᠬᠡᠮᠡᠯᠵᠢᠬᠦᠯᠬᠦ — ᠮᠠᠯ ᠲᠠᠷᠢᠶᠠᠯᠠᠩ ᠤᠨ ᠮᠠᠰᠢᠨ ᠮᠧᠬᠠᠨᠢᠭ ᠤᠨ ᠲᠤᠬᠠᠢ
ᠨᠡᠶᠢᠲᠡᠯᠡᠭᠰᠡᠨ ᠴᠠᠭ᠄
2024/3/7
     ᠮᠠᠯ ᠲᠠᠷᠢᠶᠠᠯᠠᠩ ᠤᠨ ᠮᠠᠰᠢᠨ ᠮᠧᠬᠠᠨᠢᠭ ᠤᠨ ᠠᠳᠡᠯ ᠡᠬᠦᠰᠬᠦ ᠠᠴᠠ ᠪᠦᠳᠤᠮᠵᠢᠳᠡᠢ ᠰᠡᠷᠬᠡᠶᠢᠯᠡᠬᠦ ᠶᠢᠨ ᠲᠤᠰᠠᠳᠠ᠂ ᠲᠠᠯᠳᠠ ᠬᠡᠮ ᠢ ᠡᠷᠬᠡᠪᠰᠢ ᠡᠬᠢ ᠡᠬᠦᠰᠤᠯ ᠠᠴᠠ ᠨᠢ ᠠᠷᠢᠯᠭᠠᠵᠤ᠂ ᠮᠠᠰᠢᠨ ᠠᠵᠢᠯᠯᠠᠭᠤᠯᠤᠭᠰᠡᠳ ᠨᠢ ᠮᠠᠯ ᠲᠠᠷᠢᠶᠠᠯᠠᠩ ᠤᠨ ᠮᠠᠰᠢᠨ ᠮᠧᠬᠠᠨᠢᠭ ᠤᠨ ᠠᠶᠤᠯᠬᠦᠢ ᠦᠢᠯᠡᠳᠪᠤᠷᠢᠯᠡᠯ ᠤᠨ ᠬᠠᠮᠢᠶ᠎ᠠ ᠪᠦᠬᠦᠢ ᠬᠠᠤᠯᠢ ᠲᠤᠭᠳᠠᠭᠠᠯ᠂ ᠲᠦᠷᠢᠮ ᠲᠤᠭᠳᠠᠭᠠᠯ ᠢ ᠨᠠᠷᠢᠨ ᠬᠢᠨᠠᠮᠠᠭᠠᠢ ᠰᠤᠷᠤᠯᠴᠠᠬᠤ ᠶᠢᠨ ᠬᠠᠮᠳᠤ ᠴᠢᠩᠭ᠎ᠠ ᠵᠢᠷᠤᠮᠯᠠᠨ᠂ ᠠᠶᠤᠯᠬᠦᠢ ᠦᠢᠯᠡᠳᠪᠤᠷᠢᠯᠡᠯ ᠤᠨ ᠦᠵᠡᠯ ᠤᠬᠠᠮᠰᠠᠷ ᠢᠶᠠᠨ ᠲᠡᠬᠡᠭᠰᠢᠯᠡᠬᠦᠯᠵᠤ᠂ ᠵᠦᠪ ᠰᠠᠶᠢᠬᠠᠨ ᠠᠵᠢᠯᠯᠠᠭᠤᠯᠬᠤ ᠲᠠᠳᠬᠠᠯ ᠢ ᠪᠤᠢ ᠪᠤᠯᠭᠠᠨ᠂ ᠲᠤᠭᠳᠠᠭᠠᠯ ᠠᠴᠠ ᠵᠦᠷᠢᠴᠠᠨ ᠠᠵᠢᠯᠯᠠᠭᠤᠯᠬᠤ ᠠᠵᠢᠯᠯᠠᠭ᠎ᠠ ᠶᠢ ᠡᠷᠡᠰ ᠬᠤᠷᠢᠭᠯᠠᠨ᠎ᠠ᠃      ᠨᠢᠬᠡ᠂ ᠠᠵᠢᠯᠯᠠᠭᠤᠯᠤᠭᠰᠡᠳ      ⒈ ᠲᠷᠠᠺᠲ᠋ᠤᠷ᠂ ᠬᠦᠯᠳᠡᠬᠦᠰᠤ ᠴᠠᠪᠠᠷᠯᠡᠬᠦ ᠵᠢᠵᠢᠭ ᠤᠳᠬᠤᠭᠤᠷ ᠲᠡᠷᠬᠡ᠂ ᠡᠪᠡᠰᠤ ᠵᠦᠬᠡᠬᠡᠬᠦ ᠮᠠᠰᠢᠨ ᠵᠡᠷᠬᠡ ᠮᠠᠯ ᠲᠠᠷᠢᠶᠠᠯᠠᠩ ᠤᠨ ᠮᠠᠰᠢᠨ ᠮᠧᠬᠠᠨᠢᠭ ᠤᠨ ᠵᠢᠯᠤᠭᠤᠴᠢ ᠨᠢ ᠬᠠᠷᠠᠭᠠᠯᠵᠠᠭᠰᠡᠨ ᠬᠦᠴᠤᠨ ᠲᠠᠢ ᠬᠤᠭᠤᠴᠠᠭᠠᠨ ᠳᠠᠬᠢ ᠵᠢᠯᠤᠭᠤᠴᠢ ᠶᠢᠨ ᠦᠨᠡᠮᠯᠡᠯ ᠲᠠᠢ ᠪᠠᠶᠢᠬᠤ ᠬᠡᠷᠡᠭᠳᠡᠢ᠃      ⒉ ᠡᠯ᠎ᠠ ᠲᠦᠷᠤᠯ ᠤᠨ ᠮᠠᠯ ᠲᠠᠷᠢᠶᠠᠯᠠᠩ ᠤᠨ ᠮᠠᠰᠢᠨ ᠮᠧᠬᠠᠨᠢᠭ ᠢ ᠠᠵᠢᠯᠯᠠᠭᠤᠯᠤᠭᠰᠡᠳ ᠬᠠᠷᠠᠭᠠᠯᠵᠠᠭᠰᠡᠨ ᠵᠤᠬᠢᠬᠤ ᠬᠢᠴᠢᠶᠠᠯ ᠤᠨ ᠴᠠᠭ ᠤᠨ ᠮᠠᠷᠬᠡᠵᠢᠯ ᠤᠨ ᠪᠤᠯᠪᠠᠰᠤᠷᠠᠯ ᠳᠤ ᠤᠷᠤᠯᠴᠠᠵᠤ᠂ ᠵᠦᠪ ᠬᠡᠷᠡᠭᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠮᠠᠳᠡᠯᠬᠡ ᠶᠢ ᠡᠵᠡᠮᠰᠢᠭᠰᠡᠨ ᠪᠠᠶᠢᠬᠤ ᠬᠡᠷᠡᠭᠳᠡᠢ᠃      ⒊ ᠠᠵᠢᠯᠯᠠᠭᠤᠯᠤᠭᠰᠡᠳ ᠤᠨ ᠲᠤᠭᠳᠠᠭᠠᠯ ᠶᠤᠰᠤᠭᠠᠷ ᠲᠠᠩᠰᠠᠯᠠᠭᠤᠯᠤᠭᠰᠡᠨ ᠦᠬᠡᠢ᠂ ᠰᠢᠯᠭᠠᠨ ᠪᠠᠶᠢᠴᠠᠭᠠᠭᠰᠡᠨ ᠦᠬᠡᠢ ᠪᠤᠶᠤ ᠰᠢᠯᠭᠠᠨ ᠪᠠᠶᠢᠴᠠᠭᠠᠯᠳᠠ ᠳᠤ ᠬᠢᠷᠢ ᠲᠠᠩᠴᠡᠭᠰᠡᠨ ᠦᠬᠡᠢ᠂ ᠠᠶᠤᠯᠬᠦᠢ ᠶᠢᠨ ᠲᠦᠬᠦᠬᠡᠷᠤᠮᠵᠢ ᠨᠢ ᠪᠦᠷᠢᠨ ᠪᠤᠰᠤ᠂ ᠮᠠᠰᠢᠨ ᠤ ᠲᠤᠨᠤᠭ ᠨᠢ ᠦᠢᠯᠡᠳᠤᠯ ᠢᠶᠠᠨ ᠠᠯᠳᠠᠭᠰᠡᠨ ᠮᠠᠰᠢᠨ ᠮᠧᠬᠠᠨᠢᠭ ᠢ ᠠᠵᠢᠯᠯᠠᠭᠤᠯᠬᠤ ᠶᠢ ᠴᠢᠩᠭ᠎ᠠ ᠬᠤᠷᠢᠭᠯᠠᠨ᠎ᠠ᠃      ⒋ ᠦᠡᠳᠤᠷ ᠲᠤ ᠠᠵᠢᠯᠯᠠᠬᠤ ᠪᠠ ᠰᠠᠯᠪᠢᠨ ᠵᠠᠰᠠᠬᠤ ᠳᠠᠭᠠᠨ ᠡᠷᠬᠡᠪᠰᠢ ᠠᠮᠤᠷ ᠲᠦᠪᠰᠢᠨ ᠤ ᠬᠠᠮᠠᠭᠠᠯᠠᠯᠳᠠ ᠎ ᠶᠢᠨ ᠠᠷᠭ᠎ᠠ ᠬᠡᠮᠵᠢᠶ᠎ᠠ ᠶᠢ ᠰᠠᠶᠢᠳᠤᠷ ᠠᠪᠴᠤ᠂ ᠠᠮᠤᠷ ᠲᠦᠪᠰᠢᠨ ᠤ ᠪᠦᠰᠠ ᠪᠠᠨ ᠪᠦᠰᠠᠯᠠᠨ᠂ ᠬᠠᠯᠳᠤᠷᠢᠬᠤ ᠠᠴᠠ ᠰᠠᠷᠬᠡᠶᠢᠯᠡᠵᠤ᠂ ᠤᠶᠢᠴᠢᠬᠤ ᠠᠴᠠ ᠵᠠᠶᠢᠯᠠᠰᠬᠢᠬᠦ ᠬᠡᠷᠡᠭᠳᠡᠢ᠃      ⒌ ᠬᠤᠪᠴᠠᠰᠤ ᠬᠤᠨᠠᠷ ᠢᠶᠠᠨ ᠲᠡᠷᠢ ᠲᠡᠭᠰᠢ ᠡᠮᠤᠰᠴᠤ᠂ ᠠᠮᠤᠷ ᠲᠦᠪᠰᠢᠨ ᠤ ᠬᠠᠮᠠᠭᠠᠯᠠᠯᠳᠠ ᠶᠢᠨ ᠬᠡᠷᠡᠭᠰᠡᠯ ᠵᠡᠬᠦᠪᠡᠯ ᠵᠤᠬᠢᠨ᠎ᠠ᠂ ᠡᠮᠡᠭᠳᠡᠶᠢᠴᠤᠳ ᠡᠷᠬᠡᠪᠰᠢ ᠬᠡᠵᠢᠬᠡ ᠪᠠᠨ ᠪᠤᠭᠤᠵᠤ᠂ ᠲᠤᠨᠤᠭ ᠲᠦᠬᠦᠬᠡᠷᠤᠮᠵᠢ ᠳᠤ ᠬᠠᠮᠤᠷᠤᠭᠳᠠᠨ ᠤᠷᠤᠬᠤ ᠠᠴᠠ ᠵᠠᠶᠢᠯᠠᠰᠬᠢᠬᠦ ᠬᠡᠷᠡᠭᠳᠡᠢ᠃ ᠮᠠᠯᠵᠢᠬᠤ ᠤᠷᠤᠨ ᠳᠤ ᠮᠠᠯ ᠲᠠᠷᠢᠶᠠᠯᠠᠩ ᠤᠨ ᠮᠠᠰᠢᠨ ᠮᠧᠬᠠᠨᠢᠭ ᠢ ᠠᠵᠢᠯᠯᠠᠭᠤᠯᠬᠤ ᠳᠤ ᠡᠯᠪᠡᠭ ᠠᠭᠤᠵᠢᠮ ᠪᠤᠶᠤ ᠬᠠᠨᠴᠤᠢ ᠨᠢ ᠦᠷᠬᠡᠨ᠂ ᠲᠤᠪᠴᠢᠯᠠᠵᠤ ᠪᠤᠯᠬᠤ ᠦᠬᠡᠢ ᠬᠤᠪᠴᠠᠰᠤ ᠡᠮᠤᠰᠬᠦ ᠦᠬᠡᠢ ᠪᠠᠶᠢᠵᠤ᠂ ᠮᠠᠰᠢᠨ ᠳᠤ ᠤᠷᠢᠶᠠᠭᠳᠠᠵᠤ ᠤᠷᠤᠬᠤ ᠠᠴᠠ ᠰᠡᠷᠬᠡᠶᠢᠯᠡᠬᠦ ᠬᠡᠷᠡᠭᠳᠡᠢ᠃      ⒍ ᠮᠠᠰᠢᠨ ᠢ ᠠᠵᠢᠯᠯᠠᠭᠤᠯᠤᠭᠰᠡᠳ ᠠᠷᠢᠬᠢ ᠤᠤᠭᠤᠭᠰᠡᠨ ᠤ ᠲᠠᠷᠠᠭ᠎ᠠ᠂ ᠬᠡᠳᠤᠷᠬᠡᠢ ᠶᠠᠳᠠᠷᠠᠭᠰᠡᠨ ᠪᠤᠶᠤ ᠡᠪᠡᠳᠴᠢᠯᠡᠭᠰᠡᠨ ᠪᠠᠶᠢᠳᠠᠯ ᠲᠤᠤᠷ᠎ᠠ ᠮᠠᠯ ᠲᠠᠷᠢᠶᠠᠯᠠᠩ ᠤᠨ ᠮᠠᠰᠢᠨ ᠮᠧᠬᠠᠨᠢᠭ ᠢ ᠠᠵᠢᠯᠯᠠᠭᠤᠯᠬᠤ ᠶᠢ ᠴᠢᠩᠭ᠎ᠠ ᠬᠤᠷᠢᠭᠯᠠᠨ᠎ᠠ᠃      ⒎ ᠮᠠᠰᠢᠨ ᠢ ᠠᠵᠢᠯᠯᠠᠭᠤᠯᠬᠤ ᠦᠶ᠎ᠠ ᠳᠤ᠂ ᠠᠵᠢᠯᠯᠠᠭᠤᠯᠤᠭᠰᠡᠳ ᠠᠴᠠ ᠠᠩᠬᠠᠷᠤᠯ ᠢᠶᠠᠨ ᠬᠦᠢᠴᠡᠳ ᠲᠦᠪᠯᠡᠷᠡᠬᠦᠯᠤᠨ᠂ ᠮᠠᠰᠢᠨ ᠮᠧᠬᠠᠨᠢᠭ ᠤᠨ ᠠᠵᠢᠯᠯᠠᠵᠤ ᠪᠠᠶᠢᠭ᠎ᠠ ᠪᠠᠶᠢᠳᠠᠯ ᠢ ᠨᠠᠷᠢᠨ ᠠᠵᠢᠭᠯᠠᠵᠤ᠂ ᠬᠡᠪ ᠤᠨ ᠪᠤᠰᠤ ᠪᠠᠶᠢᠳᠠᠯ ᠢ ᠢᠯᠡᠷᠡᠬᠦᠯᠪᠠᠯ ᠲᠠᠷᠤᠶᠢᠬᠠᠨ ᠵᠤᠭᠰᠤᠭᠠᠬᠤ ᠶᠢᠨ ᠬᠠᠮᠳᠤ ᠲᠤᠳᠬᠠᠷ ᠢ ᠠᠷᠢᠯᠭᠠᠬᠤ ᠬᠡᠷᠡᠭᠳᠡᠢ᠃      ⒏ ᠬᠤᠯᠢᠮᠠᠭ ᠲᠡᠵᠢᠬᠡᠯ ᠪᠤᠷᠳᠤᠭ᠎ᠠ ᠨᠠᠶᠢᠷᠠᠬᠤ ᠮᠠᠰᠢᠨ᠂ ᠪᠤᠭᠤᠳᠠᠯᠯᠠᠬᠤ ᠮᠠᠰᠢᠨ᠂ ᠬᠡᠮᠬᠡᠯᠡᠬᠦ ᠮᠠᠰᠢᠨ ᠢ ᠠᠵᠢᠯᠯᠠᠭᠤᠯᠬᠤ ᠳᠤ ᠡᠷᠬᠡᠪᠰᠢ ᠬᠤᠶᠡᠷ ᠠᠴᠠ ᠲᠡᠬᠡᠭᠰᠢ ᠬᠦᠮᠤᠨ ᠬᠠᠷᠢᠯᠴᠠᠨ ᠬᠠᠮᠵᠢᠯᠴᠠᠨ ᠠᠵᠢᠯᠯᠠᠬᠤ ᠴᠢᠬᠤᠯᠠᠳᠡᠢ︔ ᠭᠠᠷ᠂ ᠮᠤᠳᠤ᠂ ᠲᠠᠮᠤᠷ ᠰᠢᠳᠠᠮ ᠵᠡᠷᠬᠡ ᠪᠠᠷ ᠪᠤᠷᠳᠤᠭᠠᠨ ᠤ ᠨᠠᠶᠢᠷᠠᠯᠭ᠎ᠠ ᠶᠢᠨ ᠮᠠᠲ᠋ᠧᠷᠢᠶᠠᠯ ᠢᠶᠠᠨ ᠠᠯᠪᠠ ᠪᠠᠷ ᠮᠠᠰᠢᠨ ᠎ ᠳᠤ ᠴᠢᠬᠢᠵᠤ ᠪᠤᠯᠬᠤ ᠦᠬᠡᠢ︔ ᠮᠠᠰᠢᠨ ᠲᠡᠬᠡᠷᠡᠬᠢ ᠬᠠᠮᠠᠭᠠᠯᠠᠯᠳᠠ ᠶᠢᠨ ᠲᠦᠬᠦᠬᠡᠷᠤᠮᠵᠢ ᠵᠢᠴᠢ ᠰᠠᠷᠠᠮᠵᠢ ᠶᠢᠨ ᠱᠤᠰᠢᠭ᠎ᠠ ᠶᠢ ᠲᠤᠬᠢᠷᠠᠭᠤᠯᠬᠤ᠂ ᠡᠪᠳᠡᠬᠦ ᠪᠤᠶᠤ ᠠᠷᠢᠯᠭᠠᠬᠤ ᠶᠢ ᠴᠢᠩᠭ᠎ᠠ ᠬᠤᠷᠢᠭᠯᠠᠨ᠎ᠠ᠃      ⒐ ᠲᠷᠡᠺᠲ᠋ᠤᠷ᠂ ᠬᠦᠯᠳᠡᠬᠦᠰᠤ ᠴᠠᠪᠠᠷᠯᠡᠬᠦ ᠪᠠᠭ᠎ᠠ ᠬᠡᠯᠪᠡᠷᠢ ᠶᠢᠨ ᠤᠳᠬᠤᠭᠤᠷ ᠲᠡᠷᠬᠡ᠂ ᠡᠪᠡᠰᠤ ᠵᠦᠬᠡᠬᠡᠬᠦ ᠮᠠᠰᠢᠨ ᠢ ᠠᠵᠢᠯᠯᠠᠭᠤᠯᠬᠤ ᠦᠶ᠎ᠠ ᠳᠤ᠂ ᠠᠵᠢᠯᠯᠠᠭᠤᠯᠤᠭᠰᠡᠳ ᠠᠴᠠ ᠤᠷᠢᠳ ᠢᠶᠠᠷ ᠡᠷᠬᠢᠨ ᠲᠤᠭᠤᠷᠢᠨ ᠳᠤ ᠬᠦᠮᠤᠨ ᠪᠤᠶᠤ ᠶᠠᠭᠤᠮ᠎ᠠ ᠬᠡᠤᠮ᠎ᠠ ᠪᠠᠶᠢᠬᠤ ᠡᠰᠡᠬᠦ ᠶᠢ ᠠᠵᠢᠭᠯᠠᠬᠤ ᠬᠡᠷᠡᠭᠳᠡᠢ᠂ ᠤᠡᠴᠠᠭᠠᠶᠢᠯᠠᠨ ᠮᠠᠰᠢᠨ ᠢᠶᠠᠨ ᠤᠬᠤᠷᠢᠭᠤᠯᠬᠤ ᠎ ᠳᠤ ᠪᠠᠨ ᠮᠠᠰᠢᠨ ᠤ ᠦᠢᠷᠠᠬᠠᠨ ᠬᠦᠮᠤᠨ ᠪᠠᠶᠢᠬᠤ ᠡᠰᠡᠬᠦ ᠶᠢ ᠰᠠᠶᠢᠳᠤᠷ ᠠᠩᠬᠠᠷᠬᠤ ᠬᠡᠷᠡᠭᠳᠡᠢ᠃      ᠬᠤᠶᠡᠷ᠂ ᠮᠠᠯ ᠲᠠᠷᠢᠶᠠᠯᠠᠩ ᠤᠨ ᠮᠠᠰᠢᠨ ᠪᠠᠭᠠᠵᠢ      ⒈ ᠮᠠᠯ ᠲᠠᠷᠢᠶᠠᠯᠠᠩ ᠤᠨ ᠮᠠᠰᠢᠨ ᠪᠠᠭᠠᠵᠢ ᠶᠢ ᠲᠤᠭᠳᠠᠭᠠᠯ ᠶᠤᠰᠤᠭᠠᠷ ᠲᠠᠩᠰᠠᠯᠠᠵᠤ᠂ ᠲᠤᠭᠳᠠᠭᠰᠡᠨ ᠬᠤᠭᠤᠴᠠᠭᠠᠨ ᠳᠤᠨᠢ ᠰᠢᠯᠭᠠᠨ ᠪᠠᠶᠢᠴᠠᠭᠠᠬᠤ ᠬᠡᠷᠡᠭᠳᠡᠢ᠃ ᠰᠢᠯᠭᠠᠨ ᠪᠠᠶᠢᠴᠠᠭᠠᠯᠳᠠ ᠳᠤ ᠬᠢᠷᠢ ᠲᠠᠩᠴᠡᠭᠰᠡᠨ ᠦᠬᠡᠢ᠂ ᠠᠶᠤᠯᠬᠦᠢ ᠶᠢᠨ ᠲᠦᠬᠦᠬᠡᠷᠤᠮᠵᠢ ᠨᠢ ᠪᠦᠷᠢᠨ ᠪᠤᠰᠤ᠂ ᠮᠠᠰᠢᠨ ᠲᠤᠨᠤᠭ ᠨᠢ ᠦᠢᠯᠡᠳᠤᠯ ᠢᠶᠠᠨ ᠠᠯᠳᠠᠭᠰᠡᠨ ᠮᠠᠰᠢᠨ ᠮᠧᠬᠠᠨᠢᠭ ᠢ ᠴᠠᠭ ᠲᠤᠬᠠᠢ ᠳᠤᠨᠢ ᠰᠠᠯᠪᠢᠨ ᠵᠠᠰᠠᠵᠤ ᠰᠢᠨᠡᠳᠬᠡᠬᠦ ᠴᠢᠬᠤᠯᠠᠳᠡᠢ᠃      ⒉ ᠤᠳᠠᠭ᠎ᠠ ᠪᠤᠯᠭᠠᠨ ᠮᠠᠰᠢᠨ ᠮᠧᠬᠠᠨᠢᠭ ᠢ ᠡᠬᠢᠯᠡᠵᠤ ᠠᠵᠢᠯᠯᠠᠭᠤᠯᠬᠤ ᠠᠴᠠ ᠡᠮᠤᠨ᠎ᠠ ᠮᠠᠰᠢᠨ ᠮᠧᠬᠠᠨᠢᠭ ᠤᠨ ᠴᠢᠬᠤᠯᠠ ᠬᠡᠰᠡᠭ ᠢ ᠪᠠᠶᠢᠴᠠᠭᠠᠵᠤ᠂ ᠬᠡᠪ ᠤᠨ ᠪᠠᠶᠢᠬᠤ ᠶᠢ ᠪᠠᠳᠤᠯᠠᠨ᠂ ᠬᠡᠮ ᠰᠤᠭᠤᠭ ᠲᠠᠢ ᠪᠠᠶᠢᠳᠠᠯ ᠲᠤᠤᠷ᠎ᠠ ᠠᠵᠢᠯᠯᠠᠭᠤᠯᠬᠤ ᠶᠢ ᠴᠢᠩᠭ᠎ᠠ ᠬᠤᠷᠢᠭᠯᠠᠨ᠎ᠠ᠃ ᠤᠳᠠᠭ᠎ᠠ ᠪᠦᠷᠢ ᠬᠡᠷᠡᠭᠯᠡᠵᠤ ᠲᠠᠭᠤᠰᠤᠭᠰᠡᠨ ᠤ ᠲᠠᠷᠠᠭ᠎ᠠ᠂ ᠴᠠᠬᠢᠯᠭᠠᠨ ᠡᠬᠦᠰᠬᠡᠭᠴᠢ ᠶᠢ ᠴᠠᠭ ᠲᠤᠬᠠᠢ ᠳᠤᠨᠢ ᠬᠠᠭᠠᠵᠤ᠂ ᠠᠷᠠᠴᠢᠯᠠᠨ ᠬᠠᠮᠠᠭᠠᠯᠠᠭᠰᠡᠨ ᠤ ᠲᠠᠷᠠᠭ᠎ᠠ ᠠᠮᠤᠷ ᠲᠦᠪᠰᠢᠨ ᠭᠠᠵᠡᠷ ᠎ ᠲᠤ ᠵᠤᠭᠰᠤᠭᠠᠬᠤ ᠶᠢᠨ ᠬᠠᠮᠳᠤ᠂ ᠲᠤᠭᠳᠠᠭᠰᠡᠨ ᠬᠤᠭᠤᠴᠠᠭ᠎ᠠ ᠲᠠᠢ ᠠᠷᠠᠴᠢᠯᠠᠨ ᠬᠠᠮᠠᠭᠠᠯᠠᠬᠤ ᠬᠡᠷᠡᠭᠳᠡᠢ᠃      ⒊ ᠠᠵᠢᠯᠯᠠᠬᠤ  ᠮᠠᠰᠢᠨ  ᠴᠤᠭᠴᠠᠯᠠᠪᠤᠷᠢ  ᠨᠢᠬᠡᠪᠤᠷᠢ  ᠎ ᠳᠤ  ᠴᠦᠮ ᠰᠠᠯᠪᠢᠨ ᠵᠠᠰᠠᠬᠤ ᠲᠦᠬᠦᠮ ᠪᠠᠭᠠᠵᠢ ᠬᠡᠷᠡᠭᠰᠡᠯ᠂ ᠬᠡᠷᠡᠯᠳᠤᠬᠦᠯᠬᠡ  ᠎ ᠶᠢᠨ  ᠲᠦᠬᠦᠬᠡᠷᠤᠮᠵᠢ  ᠂ ᠭᠠᠯ  ᠤᠡᠳᠠᠷᠠᠭᠠᠭᠤᠷ  ᠵᠡᠷᠬᠡ ᠶᠢ ᠪᠡᠯᠡᠳᠬᠡᠵᠤ᠂ ᠮᠠᠰᠢᠨ ᠮᠧᠬᠠᠨᠢᠭ ᠤᠨ ᠲᠤᠭᠳᠠᠭᠤᠨ ᠢᠶᠠᠷ ᠠᠵᠢᠯᠯᠠᠬᠤ ᠶᠢ ᠪᠠᠳᠤᠯᠠᠬᠤ ᠬᠡᠷᠡᠭᠳᠡᠢ᠃      ⒋ᠮᠠᠯ ᠲᠠᠷᠢᠶᠠᠯᠠᠩ ᠤᠨ ᠮᠠᠰᠢᠨ ᠮᠧᠬᠠᠨᠢᠭ ᠠᠵᠢᠯᠯᠠᠵᠤ ᠪᠠᠶᠢᠬᠤ ᠦᠶ᠎ᠠ ᠳᠤ᠂ ᠠᠵᠢᠯᠯᠠᠭᠤᠯᠤᠭᠰᠡᠳ ᠤᠷᠳᠤ ᠬᠤᠭᠤᠴᠠᠭ᠎ᠠ ᠪᠠᠷ ᠰᠠᠯᠵᠤ ᠶᠠᠪᠤᠬᠤ ᠶᠢ ᠴᠢᠩᠭ᠎ᠠ ᠬᠤᠷᠢᠭᠯᠠᠨ᠎ᠠ᠃      ⒌ ᠠᠵᠢᠯ ᠤᠨ ᠲᠤᠮᠳᠠ ᠬᠡᠨᠡᠳᠳᠠ ᠰᠠᠭᠠᠳᠠᠯ ᠭᠠᠷᠪᠠᠯ ᠲᠠᠷᠤᠢ ᠲᠦᠷᠬᠡᠨ ᠴᠠᠬᠢᠯᠭᠠᠨ ᠢ ᠨᠢ ᠵᠤᠭᠰᠤᠭᠠᠵᠤ ᠮᠠᠰᠢᠨ ᠢᠶᠠᠨ ᠤᠡᠳᠠᠷᠠᠭᠠᠬᠤ ᠬᠡᠷᠡᠭᠳᠡᠢ᠃ ᠮᠠᠰᠢᠨ ᠠᠵᠢᠯᠯᠠᠵᠤ ᠪᠠᠶᠢᠭ᠎ᠠ ᠦᠶ᠎ᠠ ᠳᠤ ᠮᠠᠰᠢᠨ ᠤ ᠬᠡᠮ ᠢ ᠡᠷᠢᠵᠤ ᠵᠠᠰᠠᠬᠤ ᠦᠬᠡᠢ ᠪᠠᠶᠢᠵᠤ᠂ ᠠᠮᠤᠷ ᠲᠦᠪᠰᠢᠨ ᠤ ᠲᠠᠯᠳᠠ ᠬᠡᠮ ᠤᠷᠤᠰᠢᠵᠤ ᠪᠠᠶᠢᠭ᠎ᠠ ᠬᠡᠰᠡᠭ ᠲᠤ ᠬᠡᠨᠡᠨ ᠢᠶᠠᠷ ᠮᠠᠰᠢᠨ ᠤ ᠬᠡᠮ ᠎ ᠢ ᠡᠷᠢᠵᠤ ᠤᠷᠤᠯᠳᠤᠬᠤ ᠶᠢ ᠴᠢᠩᠭ᠎ᠠ ᠬᠤᠷᠢᠭᠯᠠᠨ᠎ᠠ᠃      ⒍ ᠲᠤᠨᠤᠭ ᠲᠦᠬᠦᠬᠡᠷᠤᠮᠵᠢ ᠶᠢ ᠰᠠᠯᠪᠢᠨ ᠵᠠᠰᠠᠬᠤ ᠳᠤ᠂ ᠲᠤᠨᠤᠭ ᠲᠦᠬᠦᠬᠡᠷᠤᠮᠵᠢ ᠶᠢᠨ ᠦᠢᠯᠡᠳᠪᠤᠷᠢ ᠪᠤᠶᠤ ᠲᠤᠰᠬᠠᠢ ᠰᠠᠯᠪᠢᠨ ᠵᠠᠰᠠᠬᠤ ᠠᠵᠢᠯᠳᠠᠨ ᠢ ᠡᠷᠢᠵᠤ ᠰᠠᠯᠪᠢᠨ ᠵᠠᠰᠠᠭᠤᠯᠬᠤ ᠬᠡᠷᠡᠭᠳᠡᠢ᠂ ᠴᠢᠬᠤᠯᠠ ᠲᠤᠨᠤᠭ ᠲᠦᠬᠦᠬᠡᠷᠤᠮᠵᠢ ᠶᠢ ᠲᠤᠷ᠎ᠠ ᠪᠠᠷ ᠢᠶᠠᠨ ᠦᠬᠡᠷᠡᠴᠢᠯᠡᠬᠦ ᠶᠢ ᠴᠢᠩᠭ᠎ᠠ ᠬᠤᠷᠢᠭᠯᠠᠨ᠎ᠠ᠃      ⒎ ᠲᠷᠡᠺᠲ᠋ᠤᠷ᠂ ᠬᠦᠯᠳᠡᠬᠦᠰᠤ ᠴᠠᠪᠠᠷᠯᠡᠬᠦ ᠪᠠᠭ᠎ᠠ ᠬᠡᠯᠪᠡᠷᠢ ᠶᠢᠨ ᠤᠳᠬᠤᠭᠤᠷ ᠲᠡᠷᠬᠡ᠂ ᠡᠪᠡᠰᠤ ᠵᠦᠬᠡᠬᠡᠬᠦ ᠮᠠᠰᠢᠨ ᠤ ᠬᠡᠢ ᠭᠠᠳᠠᠭᠰᠢᠯᠠᠭᠤᠯᠬᠤ ᠬᠤᠭᠤᠯᠠᠢ ᠳᠠᠬᠢ ᠬᠦ᠋ ᠶᠢ ᠴᠠᠪᠠᠷᠯᠡᠨ ᠠᠷᠢᠯᠭᠠᠬᠤ ᠶᠢᠨ ᠬᠠᠮᠳᠤ ᠭᠠᠯ ᠤᠨ ᠤᠴᠢ ᠦᠰᠤᠷᠬᠦ ᠠᠴᠠ ᠰᠡᠷᠬᠡᠶᠢᠯᠡᠬᠦ ᠵᠥᠢᠯ ᠢ ᠤᠭᠰᠠᠷᠠᠵᠤ᠂ ᠲᠤᠭᠳᠠᠭᠰᠡᠨ ᠬᠤᠭᠤᠴᠠᠭ᠎ᠠ ᠲᠠᠢ ᠪᠠᠶᠢᠴᠠᠭᠠᠬᠤ ᠶᠢᠨ ᠬᠠᠮᠳᠤ ᠨᠠᠭᠠᠯᠳᠤᠭᠰᠡᠨ ᠪᠤᠳᠠᠰ ᠢ ᠴᠠᠪᠠᠷᠯᠡᠨ ᠠᠷᠢᠯᠭᠠᠵᠤ᠂ ᠬᠡᠢ ᠭᠠᠳᠠᠭᠰᠢᠯᠠᠭᠤᠯᠬᠤ ᠬᠤᠭᠤᠯᠠᠢ ᠬᠡᠳᠤᠷᠬᠡᠢ ᠪᠤᠭᠤᠨᠢ ᠪᠠᠶᠢᠪᠠᠯ ᠤᠷᠳᠤᠳᠬᠠᠵᠤ ᠦᠭᠬᠦ ᠴᠢᠬᠤᠯᠠᠳᠡᠢ᠃      ⒏ ᠬᠤᠯᠢᠮᠠᠭ ᠲᠡᠵᠢᠬᠡᠯ ᠪᠤᠷᠳᠤᠭ᠎ᠠ ᠨᠠᠶᠢᠷᠠᠬᠤ ᠮᠠᠰᠢᠨ ᠤ ᠲᠠᠮᠵᠢᠯᠭ᠎ᠠ ᠶᠢᠨ ᠬᠢᠨᠵᠢ ᠪᠠ ᠪᠦᠰᠠ ᠵᠡᠷᠬᠡ ᠶᠢᠨ ᠬᠠᠮᠠᠭᠠᠯᠠᠯᠳᠠ ᠶᠢᠨ ᠪᠦᠷᠬᠦᠪᠴᠢ᠂ ᠬᠠᠪᠬᠠᠭᠠᠰᠤ ᠶᠢ ᠪᠦᠷᠢᠨ ᠪᠦᠳᠤᠨ ᠪᠦᠬᠡᠳ ᠨᠠᠶᠢᠳᠠᠪᠤᠷᠢᠳᠡᠢ ᠪᠠᠶᠢᠯᠭᠠᠵᠤ᠂ ᠡᠯ᠎ᠠ ᠵᠥᠢᠯ ᠤᠨ ᠬᠡᠷᠡᠰᠬᠡ᠂ ᠲᠦᠰᠢᠬᠦᠷ᠂ ᠬᠢᠰᠬᠢᠬᠦᠷ ᠵᠡᠷᠬᠡ ᠶᠢ ᠰᠠᠶᠢᠳᠤᠷ ᠪᠠᠬᠢᠯᠡᠪᠡᠯ ᠵᠤᠬᠢᠨ᠎ᠠ᠃ ᠪᠤᠭᠤᠳᠠᠯᠯᠠᠬᠤ ᠮᠠᠰᠢᠨ ᠎ ᠤ ᠪᠤᠭᠤᠳᠠᠯᠯᠠᠬᠤ ᠬᠡᠪᠴᠢᠶᠠᠨ ᠳᠤ ᠬᠦᠮᠤᠨ ᠵᠤᠭᠰᠤᠬᠤ ᠶᠢ ᠴᠢᠩᠭ᠎ᠠ ᠬᠤᠷᠢᠭᠯᠠᠨ᠎ᠠ᠃      ᠭᠤᠷᠪᠡ᠂ ᠲᠠᠯᠠᠪᠤᠷ ᠤᠨ ᠠᠮᠤᠷ ᠲᠦᠪᠰᠢᠨ      ⒈ᠮᠠᠯ ᠲᠠᠷᠢᠶᠠᠯᠠᠩ ᠤᠨ ᠮᠠᠰᠢᠨ ᠤ ᠠᠵᠢᠯᠯᠠᠬᠤ ᠪᠠ ᠵᠤᠭᠰᠤᠭᠠᠬᠤ ᠭᠠᠵᠡᠷ ᠲᠤ ᠭᠠᠯ ᠠᠴᠠ ᠰᠡᠷᠬᠡᠶᠢᠯᠡᠵᠤ᠂ ᠭᠠᠯ ᠤᠡᠳᠠᠷᠠᠭᠠᠬᠤ ᠲᠦᠷᠢᠮ ᠢ ᠴᠢᠩᠭ᠎ᠠ ᠬᠡᠷᠡᠭᠵᠢᠬᠦᠯᠤᠨ᠂ ᠠᠪᠴᠤ ᠲᠠᠯᠪᠢᠬᠤ ᠳᠤ ᠬᠢᠯᠪᠠᠷᠬᠠᠨ ᠤᠷᠤᠨ ᠪᠠᠶᠢᠷᠢ ᠳᠤ ᠭᠠᠯ ᠤᠡᠳᠠᠷᠠᠭᠠᠭᠤᠷ ᠢ ᠬᠦᠢᠴᠡᠳ ᠪᠦᠬᠡᠳ ᠪᠦᠳᠤᠮᠵᠢᠳᠡᠢ ᠲᠤᠬᠢᠷᠠᠭᠤᠯᠬᠤ ᠶᠢᠨ ᠬᠠᠮᠳᠤ ᠲᠤᠭᠳᠠᠭᠰᠡᠨ ᠬᠤᠭᠤᠴᠠᠭ᠎ᠠ ᠎ ᠲᠠᠢ ᠠᠷᠠᠴᠢᠯᠠᠬᠤ ᠬᠡᠷᠡᠭᠳᠡᠢ᠃      ⒉ ᠰᠦᠨᠢ ᠠᠵᠢᠯᠯᠠᠭᠤᠯᠬᠤ ᠦᠶ᠎ᠠ ᠳᠤ᠂ ᠠᠵᠢᠯᠯᠠᠬᠤ ᠲᠠᠯᠠᠪᠤᠷ ᠨᠢ ᠬᠡᠬᠡ ᠲᠠᠢ ᠪᠠᠶᠢᠬᠤ ᠶᠢ ᠪᠠᠳᠤᠯᠠᠵᠤ᠂ ᠢᠯᠠ ᠭᠠᠯ ᠢᠶᠠᠷ ᠬᠡᠷᠡᠯᠳᠤᠬᠦᠯᠬᠦ ᠶᠢ ᠴᠢᠩᠭ᠎ᠠ ᠬᠤᠷᠢᠭᠯᠠᠨ᠎ᠠ᠃      ⒊ ᠲᠠᠯᠠᠪᠤᠷ ᠲᠤ ᠲᠤᠮᠤ ᠬᠡᠯᠪᠡᠷᠢ ᠶᠢᠨ ᠮᠠᠯ ᠲᠠᠷᠢᠶᠠᠯᠠᠩ ᠤᠨ ᠮᠠᠰᠢᠨ ᠮᠧᠬᠠᠨᠢᠭ᠂ ᠵᠢᠱᠢᠶᠠᠯᠠᠪᠠᠯ ᠨᠠᠶᠢᠷᠠᠬᠤ ᠮᠠᠰᠢᠨ᠂ ᠪᠤᠭᠤᠳᠠᠯᠯᠠᠬᠤ ᠮᠠᠰᠢᠨ᠂ ᠬᠡᠮᠬᠡᠯᠡᠬᠦ ᠮᠠᠰᠢᠨ ᠵᠠᠷᠬᠡ ᠪᠠᠶᠢᠪᠠᠯ᠂ ᠮᠠᠰᠢᠨ ᠠᠵᠢᠯᠯᠠᠭᠤᠯᠬᠤ ᠦᠬᠡᠢ ᠬᠦᠮᠤᠰ ᠤᠨ ᠲᠤᠷ᠎ᠠ ᠪᠠᠷ ᠢᠶᠠᠨ ᠶᠠᠪᠤᠬᠤ ᠶᠢ ᠴᠢᠩᠭ᠎ᠠ ᠬᠤᠷᠢᠭᠯᠠᠵᠤ᠂ ᠠᠮᠤᠷ ᠲᠦᠪᠰᠢᠨ ᠢ ᠪᠠᠳᠤᠯᠠᠬᠤ ᠬᠡᠷᠡᠭᠳᠡᠢ᠃      ⒋ ᠬᠦᠡᠳᠤ ᠶᠢ ᠠᠴᠢᠶᠠᠯᠠᠵᠤ ᠲᠠᠬᠦᠵᠢᠯᠡᠨ ᠤᠭᠰᠠᠷᠠᠬᠤ ᠮᠠᠰᠢᠨ ᠤ ᠲᠤᠨᠤᠭ ᠲᠦᠬᠦᠬᠡᠷᠤᠮᠵᠢ ᠶᠢ ᠲᠤᠭᠳᠠᠭᠰᠡᠨ ᠬᠤᠭᠤᠴᠠᠭ᠎ᠠ ᠲᠠᠢ ᠰᠠᠶᠢᠳᠤᠷ ᠠᠷᠠᠴᠢᠯᠠᠵᠤ᠂ ᠬᠡᠷᠡᠭᠯᠡᠬᠦ ᠶᠠᠪᠤᠴᠠ ᠳᠤ ᠲᠠᠭᠠᠭᠠᠴᠠ ᠠᠴᠠ ᠬᠡᠳᠤᠷᠡᠳᠠᠯ᠎ᠠ ᠠᠴᠢᠶᠠᠯᠠᠵᠤ᠂ ᠲᠠᠭᠠᠭᠠᠴᠠ ᠠᠴᠠ ᠬᠡᠳᠤᠷᠡᠳᠡᠯ᠎ᠠ ᠠᠵᠢᠯᠯᠠᠭᠤᠯᠬᠤ ᠶᠢ ᠴᠢᠩᠭ᠎ᠠ ᠬᠤᠷᠢᠭᠯᠠᠨ᠎ᠠ᠃      ⒌ ᠲᠤᠰᠬᠠᠢ ᠬᠦᠮᠤᠨ ᠢᠶᠠᠷ ᠬᠠᠷᠢᠭᠤᠴᠠᠭᠤᠯᠵᠤ᠂ ᠲᠠᠯᠠᠪᠤᠷ ᠲᠠᠬᠢ ᠴᠠᠬᠢᠯᠭᠠᠨ ᠨᠠᠬᠡᠬᠡᠯᠬᠡᠢ᠂ ᠤᠳᠠᠰᠤ ᠵᠡᠷᠬᠡ ᠎ ᠶᠢ ᠲᠤᠭᠳᠠᠭᠰᠡᠨ ᠬᠤᠭᠤᠴᠠᠭ᠎ᠠ ᠲᠠᠢ ᠪᠠᠶᠢᠴᠠᠭᠠᠵᠤ᠂ ᠲᠠᠯᠠᠪᠤᠷ ᠲᠤ ᠭᠠᠯ᠂ ᠴᠠᠬᠢᠯᠭᠠᠨ᠂ ᠬᠡᠢ᠂ ᠤᠰᠤ ᠬᠡᠷᠡᠭᠯᠡᠬᠦ ᠳᠤ ᠠᠮᠤᠷ ᠲᠦᠪᠰᠢᠨ ᠪᠠᠶᠢᠬᠤ ᠶᠢ ᠪᠠᠳᠤᠯᠠᠬᠤ ᠬᠡᠷᠡᠭᠳᠡᠢ᠃      ⒍ ᠬᠠᠷᠢᠴᠠᠩᠭᠤᠢ ᠪᠠᠷ ᠪᠢᠳᠠᠬᠦᠮᠵᠢᠯᠡᠭᠰᠡᠨ ᠤᠷᠴᠢᠨ ᠳᠤ ᠮᠠᠯ ᠲᠠᠷᠢᠶᠠᠯᠠᠩ ᠤᠨ ᠮᠠᠰᠢᠨ ᠮᠧᠬᠠᠨᠢᠭ ᠢ ᠠᠵᠢᠯᠯᠠᠭᠤᠯᠬᠤ ᠳᠤ ᠪᠠᠨ᠂ ᠵᠢᠱᠢᠶᠠᠯᠠᠪᠠᠯ᠂ ᠲᠤᠮᠤ ᠫᠸᠡᠭ ᠵᠡᠷᠬᠡ ᠳᠤ ᠠᠭᠠᠷ ᠰᠤᠯᠢᠬᠤ ᠰᠠᠩᠰᠡ ᠨᠡᠬᠡᠬᠡᠬᠦ ᠪᠤᠶᠤ ᠡᠬᠦᠳᠠ ᠴᠤᠩᠬᠤ ᠶᠢ ᠨᠢ ᠨᠡᠬᠡᠬᠡᠵᠤ᠂ ᠠᠵᠢᠯᠯᠠᠭᠤᠯᠬᠤ  ᠲᠠᠯᠠᠪᠤᠷ  ᠎ ᠤᠨ  ᠰᠠᠯᠬᠢ ᠵᠢᠪᠠᠷ ᠰᠠᠶᠢᠨ ᠨᠠᠪᠳᠠᠷᠠᠬᠦ ᠶᠢ ᠪᠠᠳᠤᠯᠠᠵᠤ᠂ ᠰᠠᠬᠦᠯ ᠤᠨ ᠬᠡᠢ᠂ ᠨᠠᠷᠢᠨ ᠲᠤᠭᠤᠰᠤᠨ ᠳᠤ ᠬᠤᠤᠷᠳᠠᠭᠳᠠᠬᠤ᠂ ᠲᠠᠯᠪᠡᠷᠡᠬᠦ ᠵᠡᠷᠬᠡ ᠠᠴᠠ ᠵᠠᠶᠢᠯᠠᠰᠬᠢᠬᠦ ᠬᠡᠷᠡᠭᠳᠡᠢ᠃            ᠠᠪᠠᠭ᠎ᠠ ᠬᠤᠰᠢᠭᠤᠨ ᠤ ᠮᠠᠯ ᠲᠡᠷᠢᠶᠠᠯᠠᠩ ᠤᠨ ᠮᠠᠷᠬᠡᠵᠢᠯ ᠲᠦᠬᠡᠮᠡᠯᠵᠢᠬᠦᠯᠬᠦ ᠲᠦᠪ                       2024 ᠤᠨ ᠤ 2 ᠰᠠᠷ᠎ᠠ ᠶᠢᠨ 29᠎ ᠤ ᠡᠳᠤᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号