ᠠᠪᠠᠭ᠎ᠠ ᠬᠤᠰᠢᠭᠤᠨ ᠤ ᠠᠬᠠᠮᠠᠳ ᠨᠢᠭᠡ ᠦᠶ᠎ᠡ ᠶᠢᠨ ᠬᠥᠯᠥᠰᠥᠨ ᠠᠵᠢᠯᠴᠢᠨ ᠤ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠰᠠᠨᠠᠯ ᠰᠠᠨᠠᠭᠤᠯᠭ᠎ᠠ
ᠨᠡᠶᠢᠲᠡᠯᠡᠭᠰᠡᠨ ᠴᠠᠭ᠄
2024/3/7
     ᠨᠢᠭᠡ᠂ ᠤᠳᠤᠬᠢ ᠦᠨᠳᠦᠰᠦᠨ ᠪᠠᠶᠢᠳᠠᠯ᠄ ᠠᠪᠠᠭ᠎ᠠ ᠬᠤᠰᠢᠭᠤᠨ ᠳᠤ 7 ᠰᠤᠮᠤ ᠪᠠᠯᠭᠠᠰᠤ᠂ 71 ᠭᠠᠴᠠᠭ᠎ᠠ᠂ 4 ᠨᠡᠶᠢᠭᠡᠮ ᠲᠣᠭᠤᠷᠢᠭ ᠪᠠᠶᠢᠵᠤ᠂ ᠪᠠᠶᠢᠩᠭᠤ ᠰᠠᠭᠤᠭ᠎ᠠ ᠬᠥᠮᠦᠨ ᠠᠮᠠ 3.89 ᠲᠦᠮᠡ ᠪᠠᠶᠢᠵᠤ᠂ ᠡᠭᠦᠨ ᠳᠤ 60 ᠪᠦᠬᠦᠯᠢ ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠬᠦᠮᠤᠨ ᠠᠮᠠ 6292 ᠪᠠᠶᠢᠵᠤ᠂ ᠡᠭᠦᠨ ᠳᠤ ᠵᠢᠯ ᠲᠤᠷᠰᠢ ᠰᠢᠯᠢᠩᠬᠤᠳᠠ᠂ ᠬᠥᠬᠡᠬᠤᠲᠠ ᠵᠡᠷᠭᠡ ᠭᠠᠳᠠᠷ ᠣᠷᠣᠨ ᠳᠤ ᠰᠠᠭᠤᠷᠢᠰᠢᠵᠤ ᠪᠠᠶᠢᠭ᠎ᠠ ᠨᠠᠰᠤᠲᠠᠨ 2000 ᠭᠠᠷᠤᠶ ᠪᠠᠶᠢᠵᠤ᠂ ᠭᠠᠳᠠᠭᠰᠢ ᠭᠠᠷᠴᠤ ᠬᠦᠯᠤᠰᠤᠨ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠨ ᠤ ᠲᠤᠭ᠎ᠠ ᠨᠡᠯᠢᠶᠡᠳ ᠴᠥᠭᠡᠨ ᠪᠠᠶᠢᠵᠤ᠂ ᠣᠯᠠᠩᠬᠢ ᠨᠠᠰᠤᠲᠠᠶᠢᠴᠤᠳ ᠮᠠᠯᠵᠢᠬᠤ ᠣᠷᠣᠨ ᠳᠤ ᠨᠤᠳᠤᠭ ᠪᠡᠯᠴᠢᠭᠡᠷ ᠲᠠᠢ ᠪᠠᠶᠢᠵᠤ᠂ ᠮᠠᠯ ᠮᠠᠯᠵᠢᠬᠤ ᠪᠠᠷ ᠭᠤᠤᠯᠯᠠᠵᠤ ᠪᠠᠶᠢᠨ᠎ᠠ᠃      ᠬᠤᠶᠠᠷ᠂ ᠣᠷᠣᠰᠢᠵᠤ ᠪᠠᠶᠢᠭ᠎ᠠ ᠠᠰᠠᠭᠤᠳᠠᠯ᠄ ᠣᠨᠴᠠ ᠵᠠᠷᠢᠮ ᠮᠠᠯᠵᠢᠬᠤ ᠣᠷᠣᠨ ᠤ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠤᠨ ᠣᠯᠠᠩᠬᠢ ᠨᠢ ᠭᠡᠷ ᠪᠦᠯᠢ ᠶᠢᠨ ᠬᠦᠴᠢᠷᠳᠡᠯ ᠲᠠᠢ ᠦᠯᠡᠭᠦᠦ ᠬᠥᠳᠡᠯᠮᠦᠷᠢ ᠶᠢᠨ ᠬᠦᠴᠦᠨ ᠪᠠᠶᠢᠵᠤ᠂ ᠨᠤᠲᠤᠭ ᠪᠡᠯᠴᠢᠭᠡᠷ ᠤᠨ ᠲᠠᠯᠠᠪᠠᠢ ᠪᠠᠭ᠎ᠠ᠂ ᠣᠷᠣᠯᠭ᠎ᠠ ᠪᠠᠭ᠎ᠠ᠂ ᠠᠮᠢᠳᠤᠷᠠᠯ ᠤᠨ ᠨᠥᠬᠦᠴᠡᠯ ᠪᠠᠷᠤᠭᠲᠠᠶ ᠪᠠᠶᠢᠨ᠎ᠠ᠃ ᠭᠠᠳᠠᠭᠰᠢ ᠭᠠᠷᠴᠤ ᠬᠥᠯᠥᠰᠥᠨ ᠠᠵᠢᠯ ᠬᠢᠭᠡᠳ ᠨᠤᠲᠤᠭ ᠲᠠᠭᠠᠨ ᠬᠠᠷᠢᠭᠰᠠᠨ ᠤ ᠳᠠᠷᠠᠭ᠎ᠠ᠂ ᠨᠠᠰᠤᠵᠢᠯ ᠤᠨ ᠠᠰᠠᠷᠠᠮᠵᠢ ᠶᠢᠨ ᠬᠦᠴᠢᠷᠳᠡᠯ ᠤᠨ ᠠᠰᠠᠭᠤᠳᠠᠯ ᠣᠷᠣᠰᠢᠵᠤ ᠪᠠᠶᠢᠨ᠎ᠠ᠃ ᠭᠠᠴᠠᠭᠠᠨ ᠤ ᠣᠷᠣᠨ ᠰᠠᠭᠤᠴᠠ᠂ ᠳᠤᠯᠠᠭᠠᠯᠠᠭ᠎ᠠ᠂ ᠲᠦᠬᠡᠬᠡᠯ ᠤᠰᠤ ᠬᠠᠩᠭᠠᠬᠤ ᠵᠡᠷᠭᠡ ᠰᠠᠭᠤᠷᠢ ᠲᠦᠬᠦᠬᠡᠷᠤᠮᠵᠢ ᠪᠠᠷ ᠪᠠᠷᠤᠭᠲᠠᠶ᠂ ᠡᠮᠴᠢᠯᠡᠭᠡ ᠡᠷᠡᠭᠦᠯᠵᠢᠯ ᠵᠡᠷᠭᠡ ᠦᠢᠯᠡᠴᠢᠯᠡᠬᠡᠨ ᠬᠠᠷᠢᠴᠠᠩᠭᠤᠶ ᠪᠠᠷ ᠳᠤᠲᠠᠮᠠᠭ ᠪᠠᠶᠢᠵᠤ᠂ ᠨᠠᠰᠤᠲᠠᠶᠢᠴᠤᠳ ᠤᠨ ᠠᠮᠢᠳᠤᠷᠠᠯ ᠳᠤ ᠠᠰᠢᠭ ᠥᠬᠡᠶ ᠪᠠᠶᠢᠨ᠎ᠠ᠃      ᠭᠤᠷᠪᠠ᠂ ᠰᠠᠨᠠᠯ ᠰᠠᠨᠠᠭᠤᠯᠭ᠎ᠠ      ︵ᠨᠢᠭᠡ︶ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠳᠬᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠡᠶᠢᠮᠦᠷᠬᠦ ᠨᠠᠰᠤᠳᠠᠶᠢᠴᠤᠳ ᠤᠨ ᠮᠡᠳᠡᠭᠡ ᠵᠠᠩᠭᠢ ᠶᠢ ᠢᠳᠡᠪᠬᠢᠲᠡᠶ ᠪᠠᠷ ᠡᠮᠬᠢᠳᠬᠡᠨ ᠨᠠᠶᠢᠳᠠᠯᠠᠵᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠵᠤ᠂ ᠴᠠᠭ ᠲᠤᠬᠠᠶ ᠳᠤᠨᠢ ᠲᠦᠷ ᠴᠠᠭ ᠠᠪᠤᠷᠠᠨ ᠲᠤᠰᠠᠯᠠᠬᠤ ᠵᠡᠷᠭᠡ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠡᠭᠦᠷᠭᠡ ᠴᠢᠳᠠᠪᠤᠷᠢ ᠶᠢ ᠬᠦᠢᠴᠡᠳ ᠪᠠᠳᠠᠷᠠᠭᠤᠯᠤᠨ᠂ ᠠᠷᠠᠳ ᠤᠨ ᠠᠮᠢᠳᠤᠷᠠᠯ ᠤᠨ ᠦᠡᠳᠤᠰᠤᠨ ᠪᠠᠲᠤᠯᠠᠭ᠎ᠠ ᠶᠢ ᠰᠠᠶᠢᠲᠤᠷ ᠬᠡᠷᠡᠭᠵᠢᠬᠦᠯᠤᠨ᠎ᠠ᠃      ︵ᠬᠤᠶᠠᠷ︶ ᠨᠠᠰᠤᠵᠢᠯ ᠤᠨ ᠦᠢᠯᠡᠴᠢᠯᠡᠬᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠠᠵᠤ ᠦᠢᠯᠡᠰ ᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠵᠤ᠂ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠥᠪ ᠵᠢᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠥᠷᠲᠡᠭᠡ ᠶᠢᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠰᠤᠮᠤ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤᠲᠠᠭᠳᠠᠵᠤ ᠪᠠᠶᠢᠬᠤ ᠵᠢᠴᠢ ᠮᠠᠯᠵᠢᠬᠤ ᠣᠷᠣᠨ ᠤ ᠨᠠᠰᠤᠲᠠᠶᠢᠴᠤᠳ ᠬᠤᠲᠠ ᠣᠷᠣᠵᠤ ᠠᠰᠠᠷᠠᠮᠵᠢ ᠬᠦᠷᠳᠡᠬᠦ ᠢᠳᠠᠪᠬᠢᠵᠢᠯ ᠠᠨᠠᠢ ᠪᠠᠶᠢᠭ᠎ᠠ ᠠᠰᠠᠭᠤᠳᠠᠯ ᠢ ᠨᠢᠬᠡᠳᠤᠯᠳᠡᠢ ᠲᠦᠯᠤᠪᠵᠢᠬᠦᠯᠤᠨ ᠰᠢᠢᠳᠪᠤᠷᠢᠯᠡᠵᠤ᠂ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠶᠠᠪᠤᠵᠤ ᠰᠠᠭᠤᠬᠤ ᠳᠤ ᠲᠦᠬᠦᠮ ᠦᠬᠡᠢ ᠪᠤᠶᠤ ᠪᠠᠶ᠎ᠠ ᠪᠠᠨ ᠲᠠᠭᠠᠭᠠᠬᠤ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠲᠤ ︽ᠡᠮᠨᠡᠯᠭᠡ ᠶᠢᠨ ᠬᠤᠷᠢᠶ᠎ᠠ ᠠᠰᠠᠷᠠᠵᠤ ᠳᠡᠶᠢᠯᠬᠦ ᠥᠬᠡᠶ᠂ ᠨᠠᠰᠤᠲᠠᠨ ᠢ ᠠᠰᠠᠷᠠᠬᠤ ᠬᠦᠷᠢᠶᠡᠯᠡᠩ ᠳᠤ ᠡᠮᠨᠡᠭᠦᠯᠵᠦ ᠳᠡᠶᠢᠯᠬᠦ ᠥᠬᠡᠶ︾ ᠬᠦᠴᠢᠷᠳᠡᠯ ᠲᠤᠯᠭᠠᠷᠠᠵᠤ᠂ ᠶᠠᠪᠤᠵᠤ ᠰᠠᠭᠤᠬᠤ ᠳᠤ ᠲᠦᠬᠦᠮ ᠦᠬᠡᠢ ᠪᠤᠶᠤ ᠪᠠᠶ᠎ᠠ ᠪᠠᠨ ᠲᠠᠭᠠᠭᠠᠬᠤ ᠴᠢᠳᠠᠪᠤᠷᠢ ᠪᠠᠨ ᠠᠯᠳᠠᠭᠰᠠᠨ᠂ ᠨᠠᠰᠤᠲᠠᠶᠢᠴᠤᠳ ᠲᠤ ᠲᠤᠩ ᠠᠰᠢᠭ ᠥᠬᠡᠶ ᠪᠠᠶᠢᠨ᠎ᠠ᠃ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠡᠮᠴᠢᠯᠡᠭᠡᠨ ᠤ ᠪᠠᠶᠢᠭᠤᠯᠤᠮᠵᠢ ᠪᠠᠶᠢᠭᠤᠯᠵᠤ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠤᠭᠰᠠᠨ ᠦᠢᠯᠡᠴᠢᠯᠡᠭᠡ ᠶᠢ ᠡᠮᠴᠢᠯᠡᠭᠡᠨ ᠤ ᠳᠠᠭᠠᠳᠬᠠᠯ ᠤᠨ ᠲᠠᠩᠰᠠ ᠴᠠᠶᠢᠷᠠᠭᠤᠯᠬᠤ ᠬᠡᠪᠴᠢᠶᠡᠨ ᠳᠤ ᠣᠷᠣᠭᠤᠯᠵᠤ᠂ ︽ᠡᠮᠴᠢᠯᠡᠭᠡ ᠰᠤᠪᠢᠯᠠᠯᠲᠠ ᠶᠢ ᠤᠶᠠᠯᠳᠤᠭᠤᠯᠵᠤ᠂ ᠰᠤᠪᠢᠯᠠᠯᠳᠠ ᠪᠠ ᠡᠮᠴᠢᠯᠡᠭᠡ ᠶᠢ ᠤᠶᠠᠯᠳᠤᠭᠤᠯᠬᠤ︾  ᠬᠦᠢᠴᠡᠳ ᠵᠣᠯᠭᠠᠭᠤᠯᠬᠤ ᠶᠢ ᠪᠡᠶᠡᠯᠡᠭᠦᠯᠦᠨ᠎ᠡ︔ ᠣᠲᠣ ᠶᠢᠨ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠬᠥᠲᠥᠯᠦᠨ ᠵᠢᠯᠣᠭᠤᠳᠬᠤ ᠪᠠ ᠰᠢᠮᠳᠠᠭᠤᠯᠵᠤ ᠪᠠᠶᠢᠭᠠᠳ ᠦᠢᠯᠡᠴᠢᠯᠡᠬᠡᠨ ᠤ ᠴᠢᠳᠠᠮᠵᠢ ᠶᠢ ᠪᠦᠷᠢᠡᠰᠢᠬᠦᠯᠤᠨ ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠨᠠᠰᠤᠲᠠᠶᠢᠴᠤᠳ ᠲᠤ ᠲᠤᠬᠢᠯᠢᠭ ᠲᠠᠭᠠᠯᠠᠮᠵᠢᠳᠡᠢ᠂ ᠰᠠᠶᠢᠨ ᠰᠠᠶᠢᠬᠠᠨ ᠠᠮᠢᠳᠤᠷᠠᠬᠤ ᠤᠨ ᠨᠦᠬᠦᠴᠡᠯ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号