ᠠᠪᠠᠭ᠎ᠠ ᠬᠤᠰᠢᠭᠤ ᠰᠠᠶᠢᠨ ᠡᠭᠦᠯᠳᠡᠷ ᠤᠨ ᠦᠬᠡᠷ ᠪᠠᠷ ᠴᠢᠨᠠᠷ ᠮᠠᠭᠤ ᠦᠬᠡᠷ ᠰᠣᠯᠢᠬᠤ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/3/7
     ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠮᠠᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠲᠦᠷᠭᠡᠳᠬᠡᠨ᠂ ᠬᠡᠰᠡᠭ ᠦᠷᠡᠵᠢᠯ ᠤᠨ ᠴᠢᠳᠠᠪᠤᠷᠢ ᠪᠠᠭᠤᠷᠠᠭᠰᠠᠨ᠂ ᠳᠤᠷᠠᠩᠬᠠᠢ᠂ ᠠᠷᠤᠭ ᠶᠠᠰᠤ ᠨᠡᠯᠢᠶᠡᠳ ᠪᠠᠭ᠎ᠠ ᠵᠡᠷᠭᠡ ᠦᠢᠯᠡᠳᠪᠦᠷᠢᠯᠡᠯ ᠤᠨ ᠴᠢᠳᠠᠪᠤᠷᠢ ᠪᠠᠷ ᠨᠡᠯᠢᠶᠡᠳ ᠠᠨᠠᠢ᠂ ᠲᠡᠵᠢᠭᠡᠨ ᠦᠷᠡᠵᠢᠭᠦᠯᠬᠦ ᠵᠣᠷᠢᠯᠭ᠎ᠠ ᠪᠠᠷ ᠠᠨᠠᠢ᠂ ᠴᠢᠨᠠᠷ ᠮᠠᠭᠤᠲᠠᠢ ᠦᠬᠡᠷ ᠢ ᠰᠣᠯᠢᠬᠤ ᠨᠡᠶᠢᠭᠡᠮᠴᠢᠯᠡᠭᠰᠡᠨ ᠦᠢᠯᠡᠴᠢᠯᠡᠭᠡ ᠶᠢ ᠰᠦᠪᠡᠭᠴᠢᠯᠡᠨ ᠭᠠᠷᠭᠠᠵᠤ᠂ ᠵᠠᠰᠠᠭ ᠤᠨ ᠣᠷᠳᠣᠨ ᠠᠴᠠ ᠰᠠᠶᠢᠨ ᠡᠭᠦᠯᠳᠡᠷ ᠤᠨ ᠦᠬᠡᠷ ᠰᠣᠯᠢᠬᠤ ᠳᠡᠮᠵᠢᠯᠭᠡ ᠶᠢᠨ ᠲᠥᠰᠦᠯ ᠢ ᠨᠡᠶᠢᠲᠡᠯᠡᠬᠦ ᠪᠠᠷ ᠳᠠᠮᠵᠢᠨ᠂ ᠮᠠᠯᠵᠢᠬᠤ ᠡᠷᠦᠬᠡ ᠲᠠᠢ ᠰᠣᠯᠢᠬᠤ ᠲᠤᠰᠬᠠᠢ ᠲᠥᠷᠥᠯ ᠤᠨ ᠨᠥᠬᠦᠪᠦᠷᠢ ᠣᠯᠭᠤᠬᠤ ᠶᠢᠨ ᠬᠠᠮᠲᠤ ᠭᠠᠴᠠᠭᠠᠨ ᠤ ᠬᠤᠷᠰᠢᠶᠠᠵᠢᠯ᠂ ᠠᠵᠤ ᠠᠬᠤᠶᠢᠯᠠᠯ ᠤᠨ ᠰᠠᠶᠢᠨ ᠡᠭᠦᠯᠳᠡᠷ ᠤᠨ ᠮᠢᠬᠠᠨ ᠤ ᠦᠬᠡᠷ ᠢ ᠣᠷᠣᠭᠤᠯᠤᠨ ᠠᠪᠴᠢᠷᠠᠬᠤ ᠪᠤᠶᠤ ᠪᠤᠶᠢᠵᠢᠭᠤᠯᠬᠤ ᠶᠢ ᠵᠣᠷᠢᠭᠵᠢᠭᠤᠯᠵᠤ᠂ ᠢᠴᠡᠭᠡᠯ ᠦᠷ᠎ᠡ ᠪᠠᠷ ᠰᠣᠯᠢᠭᠰᠠᠨ ︵ᠵᠠᠰᠠᠭ ᠤᠨ ᠣᠷᠳᠣᠨ ᠠᠴᠠ ᠮᠠᠯᠵᠢᠬᠤ ᠡᠷᠦᠬᠡ ᠯᠦᠭᠡ ᠶᠢᠨ ᠵᠥᠷᠢᠶᠡᠲᠦ ᠦᠨ᠎ᠡ ᠪᠠᠷ ᠰᠣᠯᠢᠬᠤ ᠨᠥᠬᠦᠪᠦᠷᠢ 1000 ᠲᠥᠭᠦᠷᠢᠭ ᠣᠯᠭᠤᠨ᠎ᠠ︶᠂ ᠰᠣᠯᠢᠭᠰᠠᠨ ᠴᠢᠨᠠᠷ ᠮᠠᠭᠤᠲᠠᠢ ᠦᠬᠡᠷ ᠢ ᠣᠬᠤᠷ ᠬᠤᠭᠤᠴᠠᠭ᠎ᠠ ᠪᠠᠷ ᠪᠣᠷᠳᠣᠵᠤ ᠲᠠᠷᠭᠤᠯᠠᠭᠤᠯᠬᠤ ᠨᠥᠬᠦᠪᠦᠷᠢ ᠥᠭᠴᠦ᠂ ᠮᠢᠬᠠᠨ ᠤ ᠦᠬᠡᠷ ᠤᠨ ᠰᠠᠶᠢᠨ ᠡᠭᠦᠯᠳᠡᠷ ᠲᠠᠢ ᠪᠣᠯᠭᠠᠬᠤ ᠠᠬᠢᠴᠠ ᠶᠢ ᠠᠬᠢᠭᠤᠯᠤᠨ᠂ ᠪᠣᠷᠳᠣᠵᠤ ᠲᠠᠷᠭᠤᠯᠠᠭᠤᠯᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠬᠠᠮᠲᠤ ᠮᠠᠯ ᠤᠨ ᠲᠡᠵᠢᠭᠡᠨ ᠦᠷᠡᠵᠢᠭᠦᠯᠬᠦ ᠲᠤᠭ᠎ᠠ ᠶᠢ ᠪᠦᠲᠦᠮᠵᠢᠲᠡᠢ ᠪᠠᠭᠠᠰᠬᠠᠵᠤ᠂ ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠦᠨ᠂ ᠲᠡᠵᠢᠭᠡᠨ ᠦᠷᠡᠵᠢᠭᠦᠯᠬᠦ ᠠᠵᠤ ᠠᠬᠤᠢ ᠶᠢᠨ ᠦᠷ᠎ᠡ ᠠᠰᠢᠭ ᠪᠠ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ︽ᠬᠤᠣᠰ ᠠᠮᠵᠢᠯᠲᠠ︾ ᠶᠢ ᠪᠡᠶᠡᠯᠡᠭᠦᠯᠪᠡ᠃      ᠣᠳᠣᠬᠠᠨ ᠪᠣᠯᠲᠠᠯ᠎ᠠ᠂ ᠠᠪᠠᠭ᠎ᠠ ᠬᠤᠰᠢᠭᠤᠨ ᠤ ᠣᠲᠣ ᠪᠠᠶᠢᠭ᠎ᠠ ᠰᠠᠶᠢᠨ ᠡᠭᠦᠯᠳᠡᠷ ᠤᠨ ᠦᠬᠡᠷ ᠰᠣᠯᠢᠬᠤ ᠭᠠᠴᠠᠭᠠᠨ ᠤ ᠬᠤᠷᠰᠢᠶᠠᠵᠢᠯ᠂ ᠠᠵᠤ ᠠᠬᠤᠶᠢᠯᠠᠯ 5 ᠪᠠᠶᠢᠵᠤ᠂ ᠨᠡᠶᠢᠲᠡ 1200 ᠭᠠᠷᠤᠶ ᠰᠢᠯᠢᠳᠡᠭ ᠡᠭᠦᠯᠳᠡᠷ ᠤᠨ  ᠮᠢᠬᠠᠨ ᠤ ᠦᠬᠡᠷ ᠰᠣᠯᠢᠵᠤ᠂ 2100 ᠭᠠᠷᠤᠶ ᠴᠢᠨᠠᠷ ᠮᠠᠭᠤ ᠦᠬᠡᠷ ᠢ ᠰᠢᠭᠰᠢᠭᠳᠡᠭᠦᠯᠵᠦ᠂ 7 ᠰᠤᠮᠤ ᠪᠠᠯᠭᠠᠰᠤᠨ ᠤ 71 ᠭᠠᠴᠠᠭᠠᠨ ᠳᠤ ᠦᠢᠯᠡᠴᠢᠯᠡᠨ᠂ ᠪᠦᠷᠬᠦᠴᠡ ᠶᠢᠨ ᠨᠣᠷᠮ᠎ᠠ 100 % ᠳᠤ ᠬᠦᠷᠴᠡᠶ᠃ ᠮᠠᠯᠵᠢᠬᠤ ᠡᠷᠦᠬᠡ ᠶᠢᠨ ᠡᠭᠦᠯᠳᠡᠷ ᠰᠠᠶᠢᠵᠢᠷᠠᠭᠤᠯᠬᠤ ᠥᠪᠡᠷ ᠤᠨ ᠥᠷᠲᠡᠭ ᠢ 600 ᠲᠦᠮᠡᠨ ᠲᠥᠭᠦᠷᠢᠭ ᠪᠠᠭᠤᠷᠠᠭᠤᠯᠵᠤ᠂ ᠬᠤᠷᠰᠢᠶᠠᠵᠢᠯ᠂ ᠠᠵᠤ ᠠᠬᠤᠶᠢᠯᠠᠯ ᠠᠴᠠ ᠣᠬᠤᠷ ᠬᠤᠭᠤᠴᠠᠭᠠᠨ ᠤ ᠪᠣᠷᠳᠣᠵᠤ ᠪᠣᠷᠣᠯᠠᠭᠤᠯᠬᠤ ᠴᠢᠨᠠᠷ ᠮᠠᠭᠤᠲᠠᠶ ᠦᠬᠡᠷ ᠢ ᠬᠤᠳᠠᠯᠳᠤᠬᠤ ᠳᠤ 1000 ᠲᠥᠭᠦᠷᠢᠭ ᠣᠷᠴᠢᠮ ᠨᠡᠮᠡᠭᠳᠡᠪᠡ᠃      ᠲᠠᠷᠠᠭᠠᠴᠢ ᠶᠢᠨ ᠠᠯᠬᠤᠮ ᠳᠤ᠂ ᠠᠪᠠᠭ᠎ᠠ ᠬᠤᠰᠢᠭᠤ ᠪᠣᠳᠠᠲᠤ ᠪᠠᠶᠢᠳᠠᠯ ᠪᠠ ᠮᠠᠯᠴᠢᠳ ᠤᠨ ᠬᠡᠷᠡᠭᠴᠡᠭᠡ ᠶᠢ ᠦᠨᠳᠦᠰᠦᠯᠡᠨ᠂ ᠨᠥᠬᠦᠴᠡᠯ ᠲᠠᠢ ᠪᠥᠭᠡᠳ ᠬᠦᠰᠡᠯ ᠲᠠᠢ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠮᠢᠬᠠᠨ ᠤ ᠦᠬᠡᠷ ᠤᠨ ᠰᠠᠶᠢᠨ ᠮᠠᠭᠤ ᠶᠢ ᠰᠣᠯᠢᠬᠤ ᠦᠢᠯᠡᠴᠢᠯᠡᠭᠡ ᠥᠷᠨᠢᠭᠦᠯᠬᠦ ᠶᠢ ᠤᠯᠠᠮ ᠨᠢᠭᠡ ᠠᠯᠬᠤᠮ ᠵᠣᠷᠢᠭᠵᠢᠭᠤᠯᠵᠤ᠂ ᠮᠠᠯᠵᠢᠬᠤ ᠡᠷᠦᠬᠡ ᠶᠢᠨ ᠡᠭᠦᠯᠳᠡᠷ ᠰᠠᠶᠢᠵᠢᠷᠠᠭᠤᠯᠬᠤ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠵᠤ᠂ ᠡᠭᠦᠯᠳᠡᠷ ᠰᠠᠶᠢᠵᠢᠷᠠᠭᠤᠯᠬᠤ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ ᠮᠢᠬᠠᠨ ᠤ ᠦᠬᠡᠷ ᠤᠨ ᠰᠠᠶᠢᠨ ᠡᠭᠦᠯᠳᠡᠷᠵᠢᠭᠰᠡᠨ ᠬᠥᠭᠵᠢᠯᠲᠡ ᠶᠢ ᠴᠢᠨᠠᠷ ᠰᠠᠶᠢᠲᠠᠶ ᠠᠬᠢᠭᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号