2024 ᠣᠨ ᠳᠤ᠂ ᠠᠪᠠᠭ᠎ᠠ ᠬᠤᠰᠢᠭᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠨ | ᠰᠡᠷᠬᠦᠬᠡᠬᠦ ᠳᠠᠶᠢᠯᠠᠯᠳᠤᠭᠠᠨ ᠤ ᠢᠯᠠᠯᠲᠠ ᠶᠢ ᠲᠠᠮᠠᠴᠠᠨ ᠤᠯᠬᠤ ᠶᠢ ᠨᠤᠲᠤᠭ ᠪᠡᠯᠴᠢᠭᠡᠷ ᠤᠨ ᠠᠮᠢ ᠠᠬᠤᠶ ᠶᠢ | ᠰᠡᠷᠭᠦᠭᠡᠬᠦ ᠶᠢ ᠳᠥᠯᠭᠢᠨ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠵᠠᠰᠠᠬᠤ᠂ ᠠᠮᠢ ᠠᠬᠤᠶ ᠶᠢ ᠬᠠᠮᠠᠭᠠᠯᠠᠬᠤ ᠶᠢ | ᠪᠥᠬᠦ ᠬᠦᠴᠦᠨ ᠢᠶᠠᠷ ᠢᠶᠠᠨ ᠠᠳᠬᠤᠵᠤ᠂ ᠴᠠᠭᠠᠨ ᠤᠰᠤᠨ ᠴᠥᠭᠦᠷᠥᠮ ᠢ ᠵᠠᠰᠠᠬᠤ᠂ ᠭᠤᠤᠯ ᠤᠨ ᠠᠮᠠ ᠨᠤᠭᠤ ᠭᠠᠵᠠᠷ | ᠬᠢᠭᠡᠳ ᠨᠠᠭᠤᠷ ᠤᠨ ᠬᠥᠪᠡᠭᠡᠨ ᠤ ᠨᠠᠮᠬᠠᠳᠬᠠᠬᠤ ᠪᠦᠰᠡ ᠶᠢ ᠬᠠᠮᠠᠭᠠᠯᠠᠬᠤ ᠪᠠ ᠰᠡᠷᠭᠦᠭᠡᠬᠦ ᠵᠡᠷᠭᠡ ᠢᠨᠵᠧᠨᠧᠷᠢᠩ ᠢ | ᠥᠨᠳᠥᠷ ᠪᠠᠷᠢᠮᠵᠢᠶ᠎ᠠ ᠪᠠᠷ ᠳᠥᠯᠭᠢᠨ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠪᠡ᠃ | ᠨᠢᠭᠡ ᠳᠤ᠂ ᠠᠪᠠᠭ᠎ᠠ ᠬᠤᠰᠢᠭᠤᠨ ᠤ ᠵᠥᠩ ᠲᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠲᠤ | ᠺᠣᠮᠫᠠᠨᠢ ᠶᠢᠨ ᠠᠵᠤ ᠦᠢᠯᠡᠳᠪᠦᠷᠢ ᠶᠢᠨ ᠲᠣᠭᠤᠷᠢᠭ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃ ᠶᠡᠷᠦᠩᠬᠡᠢ ᠪᠡᠯᠡ | ᠣᠷᠣᠭᠤᠯᠤᠯᠲᠠ ᠨᠢ 1.34 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 1.34 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠲᠥᠯᠥᠪᠯᠡᠭᠰᠡᠨ ᠶᠡᠷᠦᠩᠬᠡᠢ | ᠬᠥᠮᠥᠷᠭᠡ ᠶᠢᠨ ᠪᠠᠭᠲᠠᠭᠠᠮᠵᠢ ᠨᠢ 780 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠵᠢᠯ ᠳᠤ ᠡᠩ ᠤᠨ | ᠬᠤᠶᠠᠳᠤᠭᠠᠷ ᠲᠦᠷᠦᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ 65 ᠲᠦᠮᠡᠨ ᠲᠣᠨ ᠰᠢᠢᠳᠪᠦᠷᠢᠯᠡᠬᠦ ᠪᠣᠯᠣᠨ᠎ᠠ᠃ | ᠭᠤᠣᠯᠳᠠᠭᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠯᠠᠬᠤ ᠲᠠᠯᠠᠪᠠᠢ᠂ ᠨᠡᠪᠴᠢᠬᠦ ᠶᠢ ᠰᠡᠷᠭᠡᠶᠢᠯᠡᠬᠦ ᠰᠢᠰᠲ᠋ᠧᠮ᠂ | ᠠᠮᠢᠳᠤᠷᠠᠯ ᠤᠨ ᠬᠠᠮᠢᠶᠠᠷᠤᠯᠲᠠ ᠶᠢᠨ ᠲᠣᠭᠤᠷᠢᠭ ᠵᠢᠴᠢ ᠳᠠᠭᠠᠯᠲᠠ ᠪᠡᠯᠡᠳᠬᠡᠮᠵᠢ᠂ ᠲᠡᠭᠡᠭᠡᠪᠦᠷᠢ ᠶᠢᠨ ᠵᠠᠮ ᠢ ᠪᠦᠲᠦᠭᠡᠨ | ᠪᠠᠶᠢᠭᠤᠯᠵᠤ᠂ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠶᠢ ᠬᠦᠢᠴᠡᠳᠬᠡᠨ᠎ᠠ᠃ ᠲᠥᠷᠥᠯ ᠵᠦᠢᠯ ᠢ 2025 | ᠣᠨ ᠤ ᠰᠡᠭᠦᠯᠴᠢ ᠪᠠᠷ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ᠬᠤᠶᠠᠷ ᠲᠤ᠂ ᠠᠪᠠᠭ᠎ᠠ ᠬᠤᠰᠢᠭᠤᠨ ᠤ ᠴᠠᠭᠠᠨᠨᠠᠭᠤᠷ ᠤᠨ ᠨᠤᠭᠤ ᠭᠠᠵᠠᠷ ᠬᠢᠭᠡᠳ ᠨᠠᠭᠤᠷ ᠤᠨ ᠬᠥᠪᠡᠭᠡᠨ ᠤ | ᠨᠠᠮᠬᠠᠳᠬᠠᠬᠤ ᠪᠦᠰᠡ ᠶᠢ ᠬᠠᠮᠠᠭᠠᠯᠠᠬᠤ ᠪᠠ ᠰᠡᠷᠭᠦᠭᠡᠬᠦ ᠲᠤᠷᠰᠢᠯᠲᠠ ᠶᠢᠨ ᠴᠡᠭ ᠤᠨ ᠢᠨᠵᠧᠨᠧᠷᠢᠩ ᠤᠨ ᠲᠥᠷᠥᠯ | ᠵᠦᠢᠯ᠃ ᠶᠡᠷᠦᠩᠬᠡᠢ ᠪᠡᠯᠡ ᠣᠷᠣᠭᠤᠯᠤᠯᠲᠠ ᠨᠢ 6872 ᠲᠦᠮᠡᠨ ᠲᠥᠭᠦᠷᠢᠭ᠂ ᠵᠢᠯ ᠳᠤ 5000 ᠲᠦᠮᠡᠨ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠪᠦᠳᠦᠭᠡᠨ ᠪᠠᠶᠢᠭᠤᠯᠤᠯᠲᠠ ᠶᠢᠨ ᠵᠠᠰᠠᠨ | ᠰᠡᠷᠭᠦᠭᠡᠬᠦ ᠲᠠᠯᠠᠪᠠᠢ 213 ᠾᠧᠺᠲ᠋ᠠᠷ ᠪᠠᠶᠢᠵᠤ᠂ ᠡᠭᠦᠨ ᠳᠤ ᠨᠠᠭᠤᠷ ᠤᠨ ᠬᠥᠪᠡᠭᠡᠨ ᠤ ᠨᠠᠮᠬᠠᠳᠬᠠᠯ ᠤᠨ ᠪᠦᠰᠡ ᠶᠢ | ᠪᠠᠶᠢᠭᠤᠯᠬᠤ ᠢᠨᠵᠧᠨᠧᠷᠢᠩ ᠤᠨ ᠵᠠᠰᠠᠨ ᠰᠡᠷᠭᠦᠭᠡᠬᠦ ᠲᠠᠯᠠᠪᠠᠢ 84.01 ᠾᠧᠺᠲ᠋ᠠᠷ᠂ ᠭᠤᠣᠯ ᠤᠨ ᠠᠮᠠ ᠨᠤᠭᠤ | ᠭᠠᠵᠠᠷ ᠤᠨ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠤᠨ ᠵᠠᠰᠠᠨ ᠰᠡᠷᠭᠦᠭᠡᠬᠦ ᠲᠠᠯᠠᠪᠠᠢ 128.63 | ᠾᠧᠺᠲ᠋ᠠᠷ ᠪᠤᠢ᠃ ᠲᠥᠷᠥᠯ ᠵᠦᠢᠯ ᠢ 2025 ᠣᠨ ᠤ ᠰᠡᠭᠦᠯᠴᠢ ᠪᠠᠷ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ᠭᠤᠷᠪᠠ ᠳᠤ᠂ ᠠᠪᠠᠭ᠎ᠠ ᠬᠤᠰᠢᠭᠤᠨ ᠤ ᠴᠠᠭᠠᠨ ᠤᠰᠤᠨ ᠴᠥᠭᠦᠷᠥᠮ ᠢ ᠵᠠᠰᠠᠬᠤ ᠲᠥᠷᠥᠯ ᠵᠦᠢᠯ ᠪᠣᠯᠤᠨ᠎ᠠ᠃ | ᠶᠡᠷᠦᠩᠬᠡᠶ ᠪᠡᠯᠡ ᠣᠷᠣᠭᠤᠯᠤᠯᠲᠠ ᠨᠢ 1.97 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 4694 ᠲᠦᠮᠡᠨ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠪᠦᠲᠦᠭᠡᠨ ᠪᠠᠶᠢᠭᠤᠯᠤᠯᠲᠠ ᠶᠢᠨ | ᠬᠡᠪᠴᠢᠶ᠎ᠡ ᠨᠢ 250.39 ᠲᠦᠮᠡᠨ ᠲᠡᠭᠰᠢ ᠳᠥᠷᠪᠡᠯᠵᠢᠨ ᠮᠧᠲᠷ︔ ᠤᠰᠤᠨ ᠴᠥᠭᠦᠷᠥᠮ ᠤᠨ ᠰᠢᠪᠠᠷ ᠲᠤᠨᠤᠮᠠᠯ ᠤᠨ | ᠥᠨᠳᠥᠷ ᠤᠨ ᠬᠡᠮᠵᠢᠶ᠎ᠡ ᠨᠢ 1016 ᠮᠧᠲᠷ ᠠᠴᠠ ᠳᠣᠷᠣᠭᠰᠢ ᠪᠠᠶᠢᠵᠤ᠂ ᠳᠤᠮᠳᠠᠴᠢ ᠲᠤᠨᠤᠮᠠᠯ ᠤᠨ ᠬᠡᠮᠵᠢᠶ᠎ᠡ ᠨᠢ 2. | 13 ᠮᠧᠲᠷ᠂ 494.24 ᠲᠦᠮᠡᠨ ᠪᠣᠰᠤᠭ᠎ᠠ ᠳᠥᠷᠪᠡᠯᠵᠢᠨ ᠮᠧᠲᠷ ᠰᠢᠷᠣᠢ ᠶᠢᠨ ᠠᠵᠢᠯ ᠢ ᠴᠡᠪᠡᠷᠯᠡᠨ᠎ᠡ᠃ ᠲᠥᠷᠥᠯ | ᠵᠦᠢᠯ ᠢ 2025 ᠣᠨ ᠤ ᠰᠡᠭᠦᠯᠴᠢ ᠪᠠᠷ ᠪᠡᠶᠡᠯᠡᠭᠦᠯᠬᠦ ᠪᠠᠷ ᠲᠥᠯᠥᠪᠯᠡᠵᠦ ᠪᠤᠢ᠃ | ᠳᠥᠷᠪᠡ ᠳᠤ 2023 ᠣᠨ ᠤ ᠰᠢᠯᠢ ᠶᠢᠨ ᠭᠤᠤᠯ ᠠᠶᠢᠮᠠᠭ ᠤᠨ ᠥᠪᠥᠷ ᠮᠣᠩᠭᠤᠯ ᠤᠨ ᠵᠡᠭᠦᠨ ᠬᠡᠰᠡᠭ ᠤᠨ | ᠨᠤᠲᠤᠭ ᠪᠡᠯᠴᠢᠭᠡᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠪᠣᠯᠤᠨ᠎ᠠ᠃ ᠶᠡᠷᠦᠩᠬᠡᠢ ᠪᠡᠯᠡ | ᠣᠷᠤᠭᠤᠯᠤᠯᠲᠠ ᠨᠢ 599 ᠲᠦᠮᠡᠨ ᠲᠥᠭᠦᠷᠢᠭ ᠪᠠᠶᠢᠵᠤ᠂ 3 000 ᠮᠦ ᠠᠭᠤᠯᠠ ᠶᠢ ᠪᠢᠲᠡᠭᠦᠮᠵᠢᠯᠡᠨ | ᠣᠶᠢᠵᠢᠭᠤᠯᠵᠤ᠂ ᠤᠰᠤᠨ ᠰᠤᠷᠪᠤᠯᠵᠢ ᠶᠢᠨ ᠪᠠᠷᠢᠯᠭ᠎ᠠ 120 ᠪᠠᠶᠢᠨ᠎ᠠ᠃ ᠲᠥᠷᠥᠯ ᠵᠦᠢᠯ ᠢ 2024 ᠣᠨ ᠤ | ᠡᠴᠦᠰ ᠲᠤ ᠪᠡᠶᠡᠯᠡᠭᠦᠯᠬᠦ ᠪᠠᠷ ᠲᠥᠯᠥᠪᠯᠡᠵᠦ ᠪᠤᠢ᠃ |