ᠬᠤᠰᠢᠭᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 25᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠬᠤᠰᠢᠭᠤ ᠵᠠᠰᠠᠭ ᠤᠨ ᠣᠷᠳᠣᠨ ᠤ ᠪᠠᠶᠢᠩᠭᠤ ᠶᠢᠨ ᠬᠡᠰᠢᠬᠦᠳ ᠤᠨ ᠬᠤᠷᠠᠯ ᠢ ᠡᠷᠭᠢᠯᠡᠨ  ᠬᠤᠷᠠᠯᠳᠤᠭᠤᠯᠵᠤ᠂ ᠠᠮᠢ ᠠᠬᠤᠶ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠪᠠᠶᠢᠭᠤᠯᠬᠤ ᠲᠤᠷᠰᠢᠯᠲᠠ ᠶᠢᠨ  ᠴᠡᠭ᠂ ᠮᠠᠯᠵᠢᠬᠤ ᠣᠷᠣᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠬᠦ᠂ ︽ᠠᠪᠠᠭ᠎ᠠ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠵᠣ ᠰᠢᠪᠳᠣᠯᠣᠯᠳᠠ ᠲᠠᠢ ᠪᠣᠯᠭᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠪᠣᠯᠤᠨ 2025 ᠣᠨ ᠤ ᠪᠥᠬᠦ ᠠᠶᠢᠮᠠᠭ ᠤᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠶᠠᠪᠤᠳᠠᠯ ᠢ ᠰᠣᠳᠣᠯᠣᠨ ᠶᠠᠷᠢᠯᠴᠠᠪᠠ᠃ ᠬᠤᠰᠢᠭᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠠᠮᠢ ᠠᠬᠤᠶ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠮᠠᠯᠴᠢᠳ ᠢ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠠᠬᠡᠯᠢᠭᠵᠢᠬᠦ ᠬᠦᠴᠦᠲᠡᠶ ᠰᠦᠪᠡᠭᠴᠢᠯᠡᠯᠲᠡ ᠪᠣᠯᠭᠠᠨ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠡᠷᠴᠢᠮᠵᠢᠭᠰᠡᠨ ᠴᠢᠭᠯᠡᠯ ᠳᠠᠰᠢ ᠬᠥᠭᠵᠢᠬᠦ ᠶᠢ ᠯᠠᠪᠳᠠᠭᠤᠨ ᠢᠶᠠᠷ ᠠᠬᠢᠭᠤᠯᠵᠤ᠂ ᠠᠵᠤ ᠠᠬᠤᠶ ᠶᠢᠨ ᠦᠷ᠎ᠡ ᠠᠰᠢᠭ ᠬᠢᠭᠡᠳ ᠠᠮᠢ ᠠᠬᠤᠶ ᠶᠢᠨ ᠦᠷ᠎ᠡ ᠠᠰᠢᠭ ᠤᠨ ᠬᠤᠤᠰ ᠠᠮᠵᠢᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠳᠡᠭᠡᠳᠦ ᠱᠠᠲᠤᠨ ᠤ ᠲᠤᠰᠬᠠᠶ ᠪᠠᠯᠠ ᠮᠥᠩᠭᠦ ᠶᠢ ᠭᠦᠢᠴᠡᠳ ᠰᠠᠶᠢᠲᠤᠷ ᠠᠰᠢᠭᠯᠠᠨ᠂ ᠴᠡᠭᠡ ᠶᠢᠨ ᠠᠵᠤ ᠦᠢᠯᠡᠰ ᠢ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠪᠣᠯᠭᠠᠬᠤ ᠪᠠᠷ ᠴᠢᠷᠮᠠᠶᠢᠨ᠂ ᠪᠥᠬᠦ ᠠᠶᠢᠮᠠᠭ ᠤᠨ ᠴᠡᠭᠡ ᠶᠢᠨ ᠠᠵᠤ ᠦᠢᠯᠡᠰ ᠤᠨ ᠬᠥᠭᠵᠢᠯᠲᠡ ᠳᠤ ᠲᠣᠯᠢᠯᠠᠯ ᠪᠣᠯᠭᠠᠬᠤ᠂ ᠲᠠᠯᠬᠡᠷᠡᠬᠦᠯᠵᠣ ᠪᠣᠯᠬᠤᠶᠢᠴᠨ ᠨᠢᠭᠡ ᠪᠦᠯᠦᠭ ᠲᠤᠷᠰᠢᠯᠭ᠎ᠠ ᠠᠷᠭ᠎ᠠ ᠪᠠᠷᠢᠯ ᠢ ᠰᠦᠪᠡᠭᠴᠢᠯᠡᠨ ᠦᠢᠯᠡᠳᠣᠯᠬᠡᠵᠢᠬᠦᠯᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠵᠣ ᠰᠢᠪᠳᠣᠯᠣᠯᠳᠠ ᠲᠠᠢ ᠪᠣᠯᠭᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠦᠷᠢᠮ᠂ ᠮᠡᠷᠭᠡᠵᠢᠯ᠂ ᠡᠩᠨᠡᠭᠡ ᠵᠡᠷᠭᠡ ᠰᠠᠭᠤᠷᠢ ᠠᠵᠢᠯ ᠢ ᠪᠦᠬᠦ ᠬᠦᠴᠦᠨ ᠢᠶᠠᠷ ᠢᠶᠠᠨ ᠪᠣᠳᠠᠲᠠᠢ ᠠᠳᠬᠤᠨ᠂  ᠠᠮᠤᠷ ᠲᠦᠪᠰᠢᠨ ᠤ ᠪᠣᠳᠠᠳᠣ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ︽ᠵᠢᠪᠬᠤᠭ᠎ᠠ ᠲᠠᠬᠦᠯᠳᠠᠷ᠂  ᠠᠷᠪᠢᠴᠢ ᠪᠣᠷᠣᠭᠵᠢᠭᠤᠨ᠂ ᠠᠮᠤᠷ ᠲᠦᠪᠰᠢᠨ᠂ ᠲᠡᠭᠦᠰ ᠠᠮᠵᠢᠯᠲᠠ᠂ ᠦᠷ᠎ᠠ ᠠᠰᠢᠭ ᠲᠠᠢ ᠪᠠᠶᠢᠬᠤ︾ ᠶᠠᠷᠣᠩᠬᠡᠢ ᠱᠠᠭᠠᠷᠳᠠᠯᠭ᠎ᠠ  ᠶᠣᠰᠣᠭᠠᠷ᠂ ᠡᠯ᠎ᠡ ᠲᠦᠷᠦᠯ ᠤᠨ ᠪᠡᠯᠡᠳᠬᠡᠯ ᠠᠵᠢᠯ ᠢᠶᠠᠨ ᠪᠦᠬᠦ ᠲᠠᠯ᠎ᠠ ᠪᠠᠷ ᠰᠠᠶᠢᠳᠣᠷ ᠴᠡᠭᠴᠡᠯᠡᠵᠣ᠂ ᠨᠠᠷᠢᠨ ᠨᠢᠮᠪᠠᠶ  ᠪᠠᠶᠢᠷᠢᠯᠠᠭᠤᠯᠣᠨ᠂ ᠲᠤᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠵᠢᠪᠬᠤᠭ᠎ᠠ ᠲᠠᠬᠦᠯᠳᠡᠷ᠂ ᠠᠷᠪᠢᠴᠢ ᠪᠣᠷᠣᠭᠵᠢᠭᠤᠨ᠂ ᠠᠮᠤᠷ ᠲᠦᠪᠰᠢᠨ᠂ ᠭᠤᠶᠢᠳᠠ ᠰᠠᠶᠢᠬᠠᠨ ᠦᠪᠡᠳᠡᠭᠰᠢ ᠴᠤᠭᠯᠠᠭᠠᠨ ᠪᠣᠯᠭᠠᠨ ᠡᠷᠬᠢᠯᠡᠬᠦ ᠪᠠᠷ ᠪᠦᠬᠦ ᠬᠦᠴᠣᠨ ᠢᠶᠠᠷ ᠢᠶᠠᠨ ᠴᠢᠷᠮᠠᠶᠢᠨ᠎ᠠ ᠬᠡᠪᠠ᠃      ᠬᠤᠷᠠᠯ ᠠᠴᠠ ᠪᠠᠰᠠ ᠪᠤᠰᠤᠳ ᠬᠠᠮᠢᠶ᠎ᠠ ᠪᠦᠬᠦᠢ ᠶᠠᠪᠣᠳᠠᠯ ᠢ ᠰᠣᠳᠣᠯᠣᠨ ᠶᠠᠷᠢᠯᠴᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号