︽ᠠᠶᠣᠯ ᠠᠴᠠ ᠬᠠᠮᠠᠭᠠᠯᠠᠬᠤ ᠮᠠᠯᠠᠭᠠᠢ᠂ ᠠᠶᠣᠯᠬᠦᠢ ᠶᠢᠨ ᠪᠦᠰᠨ︾᠎ ᠶᠢᠨ ᠲᠤᠰᠬᠠᠢ ᠴᠡᠭᠴᠡᠯᠡᠨ ᠵᠠᠰᠠᠯᠲᠠ ᠶᠢ ᠲᠥᠪᠯᠡᠷᠡᠭᠦᠯᠦᠨ ᠥᠷᠨᠢᠭᠦᠯᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/4/1
ᠥᠷᠭᠡᠨ ᠣᠯᠠᠨ ᠵᠢᠯᠣᠭᠤᠴᠢ ᠪᠠ ᠣᠯᠠᠨ ᠲᠦᠮᠡᠨ ᠳᠤ  ᠄      ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤᠨ ᠤ ᠵᠠᠮ ᠬᠠᠷᠢᠯᠴᠠᠭᠠᠨ ᠤ ᠡᠮᠬᠢ ᠳᠢᠭᠯᠢᠮ ᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠲᠤᠤᠱᠯᠠᠭᠤᠯᠵᠤ᠂ ᠮᠣᠲ᠋ᠣᠷ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠶᠣᠯ ᠠᠴᠠ ᠬᠠᠮᠠᠭᠠᠯᠠᠬᠤ ᠮᠠᠯᠠᠭᠠᠢ ᠵᠡᠭᠦᠬᠦ ᠨᠣᠷᠮ᠎ᠠ ᠪᠠ ᠮᠠᠰᠢᠨ ᠲᠠᠷᠬᠡᠨ ᠤ ᠠᠮᠣᠷ ᠲᠦᠪᠰᠢᠨ ᠤ ᠬᠠᠮᠠᠭᠠᠯᠠᠯᠳᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠣᠰᠠᠳᠠ᠂ ᠲᠣᠰ ᠡᠳᠦᠷ ᠠᠴᠠ ᠡᠬᠢᠯᠡᠨ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠴᠠ ︽ ᠠᠶᠣᠯ ᠠᠴᠠ ᠬᠠᠮᠠᠭᠠᠯᠠᠬᠤ ᠮᠠᠯᠠᠭᠠᠢ ᠪᠠ ᠠᠶᠣᠯᠬᠦᠢ ᠶᠢᠨ ᠪᠦᠰᠨ  ︾᠎ ᠶᠢᠨ ᠲᠤᠰᠬᠠᠶ ᠴᠡᠭᠴᠡᠯᠡᠨ ᠵᠠᠰᠠᠬᠤ ᠠᠵᠢᠯ ᠤᠨ ᠡᠷᠴᠢᠮ ᠢᠶᠠᠨ ᠴᠢᠩᠭᠠᠳᠬᠠᠵᠣ᠂ ᠡᠳᠦᠭᠡ ᠴᠡᠭᠴᠡᠯᠡᠨ ᠵᠠᠰᠠᠬᠤ ᠠᠭᠤᠯᠭ᠎ᠠ ᠶᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠴᠡᠭᠴᠡᠯᠡᠨ ᠵᠠᠰᠠᠬᠤ ᠴᠠᠭ᠄      ᠡᠨᠡ ᠡᠳᠦᠷ ᠠᠴᠠ 12 ᠰᠠᠷ᠎ᠠ ᠶᠢᠨ ᠰᠡᠭᠦᠯᠴᠢ ᠪᠣᠯᠲᠠᠯ᠎ᠠ᠃      ᠬᠤᠶᠠᠷ᠂ ᠴᠡᠭᠴᠡᠯᠡᠨ ᠵᠠᠰᠠᠬᠤ ᠬᠡᠪᠴᠢᠶ᠎ᠠ᠄      ᠪᠦᠬᠦ ᠬᠤᠰᠢᠭᠤᠨ ᠤ ᠬᠡᠪᠴᠢᠶᠡᠨ ᠳᠤ      ᠭᠤᠷᠪᠠ᠂ ᠴᠡᠭᠴᠡᠯᠡᠨ ᠵᠠᠰᠠᠬᠤ ᠭᠤᠤᠯᠳᠠᠯᠭ᠎ᠠ᠄      ︵ᠨᠢᠭᠡ︶ ᠮᠠᠰᠢᠨ ᠲᠡᠷᠭᠡᠨ ᠤ ᠵᠢᠯᠣᠭᠤᠴᠢ᠂ ᠲᠡᠷᠭᠡᠨ ᠳᠤ ᠰᠠᠭᠤᠭᠴᠢ ᠲᠣᠭᠲᠠᠭᠠᠯ ᠶᠣᠰᠣᠭᠠᠷ ᠠᠶᠣᠯᠬᠦᠢ ᠶᠢᠨ ᠪᠥᠰᠡ ᠶᠢ ᠪᠦᠰᠡᠯᠡᠭᠰᠡᠨ ᠦᠬᠡᠢ ᠪᠠᠶᠢᠬᠤ᠃      ︵ᠬᠤᠶᠠᠷ︶ ᠮᠣᠲ᠋ᠣᠷ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠨᠤᠵᠤ ᠠᠶᠠᠯᠠᠬᠤ ᠬᠥᠮᠦᠰ ᠲᠣᠭᠲᠠᠭᠠᠯ ᠶᠣᠰᠣᠭᠠᠷ  ᠠᠶᠣᠯ ᠠᠴᠠ ᠬᠠᠮᠠᠭᠠᠯᠠᠬᠤ ᠮᠠᠯᠠᠭᠠᠢ ᠵᠡᠬᠦᠭᠰᠡᠨ ᠦᠬᠡᠢ ᠪᠠᠶᠢᠬᠤ᠃      ︵ᠭᠤᠷᠪᠠ︶ ᠪᠦᠬᠦᠯᠢ 16 ᠨᠠᠰᠤ ᠬᠦᠷᠦᠭᠰᠡᠨ ᠦᠬᠡᠢ ᠬᠦᠮᠦᠰ ᠴᠠᠬᠢᠯᠭᠠᠨ ᠮᠠᠰᠢᠨ ᠵᠢᠯᠣᠭᠤᠳᠤᠭᠰᠠᠨ᠃      ︵ᠲᠦᠷᠪᠡ︶ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠯᠠᠭᠠᠨ ᠳ᠋ᠧᠩ  ᠳᠠᠭᠠᠷᠢᠭᠰᠠᠨ᠂ ᠰᠥᠷᠭᠡᠦ ᠶᠠᠪᠤᠬᠤ᠂ ᠮᠠᠰᠢᠨ ᠲᠡᠷᠭᠡᠨ ᠤ ᠲᠣᠰᠬᠠᠢ ᠵᠠᠮ ᠢᠶᠠᠷ ᠶᠠᠪᠤᠬᠤ ᠵᠡᠷᠭᠡ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ᠃      ᠳᠥᠷᠪᠡ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠄      ︵ᠨᠢᠭᠡ︶ ᠲᠤᠰ ᠵᠠᠷᠯᠠᠯ ᠤᠨ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠶᠣᠰᠣᠭᠠᠷ ᠰᠢᠳᠬᠡᠨ ᠲᠣᠷᠭᠠᠵᠤ᠂ ᠶᠠᠯ᠎ᠠ ᠎ ᠳᠤ ᠬᠦᠷᠦᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠎ ᠶᠢᠨ ᠲᠣᠭᠲᠠᠭᠠᠯ ᠢ ᠦᠨᠳᠦᠰᠦᠯᠡᠨ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ︵ᠬᠤᠶᠠᠷ︶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ ᠲᠡᠪᠴᠢᠬᠦ᠂ ᠡᠰᠡᠷᠬᠦᠴᠠᠯᠳᠣᠬᠦ᠂  ᠬᠠᠷᠰᠢᠯᠠᠬᠤ ᠵᠠᠷᠬᠡ ᠦᠢᠯᠨ ᠠᠵᠢᠯᠯᠠᠭ᠎ᠠ ᠲᠠᠢ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾᠎ ᠶᠢᠨ ᠶᠣᠰᠣᠭᠠᠷ ᠰᠢᠳᠬᠡᠨ ᠲᠣᠷᠭᠠᠨ᠎ᠠ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠥᠭᠡᠳ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠥᠷᠭᠡᠨ ᠣᠯᠠᠨ ᠲᠦᠮᠡᠨ ᠠᠴᠠ ᠵᠠᠮ ᠬᠠᠷᠢᠯᠴᠠᠭᠠᠨ ᠤ ᠡᠮᠬᠢ ᠳᠢᠭᠯᠢᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠶ ᠬᠠᠮᠵᠢᠯᠴᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠵᠢᠴᠢ ᠬᠤᠯᠪᠣᠭᠳᠠᠯ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠢᠯᠣᠭᠤᠳᠣᠯᠭ᠎ᠠ ᠪᠠ ᠬᠠᠮᠢᠶᠠᠷᠤᠯᠲᠠ ᠶᠢ ᠲᠠᠭᠠᠨ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠰᠡᠷᠭᠦᠴᠡᠨ ᠬᠤᠷᠢᠭᠯᠠᠵᠤ᠂ ᠪᠣᠯᠪᠠᠰᠤᠨ ᠪᠤᠰᠤ ᠵᠠᠮ ᠬᠠᠷᠢᠯᠴᠠᠭᠠᠨ ᠤ ᠪᠣᠯᠬᠢ ᠳᠠᠳᠬᠠᠯ ᠢᠶᠠᠨ ᠲᠠᠶᠠᠭᠳᠠᠵᠤ᠂  ᠵᠠᠮ ᠬᠠᠷᠢᠯᠴᠠᠭᠠᠨ ᠤ ᠪᠣᠯᠪᠠᠰᠣᠨ ᠰᠣᠷᠳᠠᠯ ᠢ ᠡᠷᠬᠢᠮᠯᠠᠨ᠂ ᠬᠠᠮᠢᠶ᠎ᠠ ᠪᠦᠬᠦᠢ ᠲᠣᠭᠳᠠᠭᠠᠯ ᠢ ᠬᠠᠣᠯᠢ ᠶᠣᠰᠣᠭᠠᠷ ᠵᠢᠷᠣᠮᠯᠠᠨ ᠰᠠᠬᠢᠵᠣ᠂ ᠠᠮᠤᠷ ᠲᠦᠪᠰᠢᠨ᠂ ᠪᠣᠯᠪᠠᠰᠤᠨ᠂ ᠰᠠᠭᠠᠳ ᠥᠬᠡᠶ ᠨᠡᠪᠲᠡᠷᠡᠬᠦ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠢ ᠬᠠᠮᠲᠤ ᠪᠠᠷ ᠴᠣᠭᠴᠠᠯᠠᠶ᠎ᠠ᠃      ︽ᠠᠶᠣᠯ ᠠᠴᠠ ᠬᠠᠮᠠᠭᠠᠯᠠᠬᠤ ᠮᠠᠯᠠᠭᠠᠢ ᠪᠠᠨ ᠵᠠᠬᠦᠵᠣ᠂ ᠠᠶᠦᠯᠬᠦᠢ ᠶᠢᠨ ᠪᠦᠰᠨ ᠪᠦᠰᠡᠯᠡᠨ᠂ ᠠᠮᠣᠷ ᠲᠦᠪᠰᠢᠨ ᠢ ᠡᠷᠬᠢᠮᠯᠠᠵᠣ᠂  ᠲᠡᠷᠬᠡ ᠣᠨᠤᠭ᠎ᠠ ᠪᠠᠨ ᠡᠮᠬᠢ ᠲᠢᠭᠯᠢᠮ ᠲᠠᠢ ᠵᠢᠯᠣᠭᠤᠳᠣᠨ ᠵᠠᠮ ᠭᠠᠷᠬᠤ ᠶᠠᠪᠤᠲᠠᠯ  ᠎ ᠨᠢ ᠬᠠᠣᠯᠢ ᠴᠠᠭᠠᠵᠠ ᠶᠢ ᠵᠢᠷᠣᠮᠯᠠᠵᠤ ᠪᠠᠶᠢᠭ᠎ᠠ ᠶᠠᠪᠤᠲᠠᠯ ᠮᠦᠷᠳᠡᠬᠡᠨ ᠪᠠᠰᠠ ᠴᠤ ᠬᠡᠷ ᠪᠦᠯᠢ ᠳᠤ ᠪᠠᠨ ᠬᠠᠷᠢᠭᠤᠴᠠᠨ᠂ ᠪᠣᠰᠣᠳ ᠤᠨ ᠠᠮᠢ ᠨᠠᠰᠣ ᠠᠮᠣᠷ ᠲᠦᠪᠰᠢᠨ ᠳᠤ ᠬᠠᠷᠢᠭᠤᠴᠠᠵᠣ ᠪᠠᠶᠢᠭ᠎ᠠ ᠪᠣᠯᠪᠠᠰᠣᠨ ᠰᠠᠶᠢᠬᠠᠨ ᠰᠣᠷᠳᠠᠯ ᠪᠣᠯᠣᠨ᠎ᠠ᠃  ᠦᠷᠬᠡᠨ ᠣᠯᠠᠨ ᠲᠦᠮᠡᠨ ᠮᠠᠨᠢ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠠᠮᠤᠷ ᠲᠦᠪᠰᠢᠨ᠂ ᠵᠢᠷᠤᠮᠵᠢᠭᠤᠨ᠂ ᠪᠣᠯᠪᠠᠰᠤᠨ ᠶᠠᠪᠤᠵᠤ ᠰᠠᠭᠤᠬᠤ ᠳᠠᠳᠬᠠᠯ ᠢ ᠪᠤᠢ ᠪᠣᠯᠭᠠᠵᠤ᠂ ᠵᠠᠮ ᠬᠠᠷᠢᠯᠴᠠᠭᠠᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠡᠭᠦᠳᠦᠨ ᠪᠠᠶᠢᠭᠤᠯᠬᠤ ᠶᠢ ᠬᠦᠰᠡᠵᠦ  ᠪᠠᠶᠢᠨ᠎ᠠ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ          ᠠᠪᠠᠭ᠎ᠠ ᠬᠤᠰᠢᠭᠤᠨ  ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                 2024 ᠣᠨ ᠤ 3 ᠰᠠᠷ᠎ᠠ ᠶᠢᠨ 27᠎ ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号