ᠠᠪᠠᠭ᠎ᠠ ᠬᠤᠰᠢᠭᠤᠨ ᠤ ᠠᠵᠢᠯᠳᠠᠳ ᠤᠨ ᠴᠢᠴᠢᠬᠦᠷ ᠪᠦᠮᠪᠦᠭᠡ ᠶᠢᠨ ᠤᠷᠤᠯᠳᠤᠭᠠᠨ ᠬᠦᠭᠵᠢᠶᠠᠡᠳᠡᠢ ᠶᠠᠪᠤᠭᠳᠠᠯ᠎ᠠ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 27 ᠤ ᠡᠳᠤᠷ ᠠᠴᠠ 28 ᠤ ᠡᠳᠤᠷ ᠪᠤᠯᠳᠠᠯ᠎ᠠ ᠶᠠᠪᠤᠭᠳᠠᠭᠰᠡᠨ ᠠᠪᠠᠭ᠎ᠠ ᠬᠤᠰᠢᠭᠤᠨ ᠤ ᠠᠵᠢᠯᠴᠢᠨ ᠤ ᠶᠠᠷᠤᠩᠬᠡᠢ ᠡᠪᠯᠡᠯ ᠠᠴᠠ ᠡᠷᠬᠢᠯᠡᠭᠰᠡᠨ ︽ᠲᠤᠮᠳᠠᠳᠤ ᠶᠢᠨ ᠬᠦᠰᠠᠯᠠᠩ᠂ ᠬᠦᠳᠡᠯᠮᠤᠷᠢ ᠶᠢᠨ ᠰᠠᠶᠢᠬᠠᠨ — ᠰᠦᠷ ᠰᠦᠯᠳᠠ ᠪᠠᠨ ᠴᠤᠭᠴᠠᠯᠠᠨ ᠨᠠᠮ ᠢᠶᠠᠨ ᠲᠠᠭᠠᠨ ᠤᠷᠤᠭᠰᠢᠯᠠᠵᠤ ᠰᠢᠨ᠎ᠠ ᠠᠶᠠᠨ ᠳᠤ ᠪᠦᠯᠬᠦᠮᠳᠠᠨ ᠲᠠᠮᠠᠴᠠᠶ᠎ᠠ︾ ᠪᠦᠬᠦ ᠬᠤᠰᠢᠭᠤᠨ ᠤ ᠠᠵᠢᠯᠳᠠᠳ ᠤᠨ ᠴᠢᠴᠢᠬᠦᠷ ᠪᠦᠮᠪᠦᠭᠡ ᠶᠢᠨ ᠤᠷᠤᠯᠳᠤᠭᠠᠨ ᠬᠦᠭᠵᠢᠶᠠᠡᠳᠡᠢ ᠶᠠᠪᠤᠭᠳᠠᠯ᠎ᠠ᠃      ᠲᠤᠰ ᠤᠳᠠᠭᠠᠨ ᠤ ᠤᠷᠤᠯᠳᠤᠭᠠᠨ ᠳᠤ 56 ᠲᠦᠯᠤᠬᠡᠯᠡᠭᠴᠢᠳ ᠤᠨ ᠠᠩᠬᠢ ᠤᠷᠤᠯᠴᠠᠨ᠂ ᠤᠷᠤᠯᠳᠤᠭᠠᠨ ᠨᠢ ᠬᠤᠷᠴᠠ ᠰᠢᠷᠤᠬᠦᠨ᠂ ᠦᠪᠡᠷᠮᠢᠴᠠ ᠤᠡᠴᠠᠯᠢᠭ ᠢᠶᠠᠷ ᠢᠶᠠᠨ ᠤᠯᠠᠨ ᠤ ᠠᠩᠬᠠᠷᠤᠯ ᠢ ᠲᠠᠳᠠᠨ᠂ ᠨᠠᠶᠢᠳᠠ 160 ᠭᠠᠷᠤᠢ ᠴᠢᠴᠢᠬᠦᠷ ᠪᠦᠮᠪᠤᠬᠡᠨ ᠤ ᠪᠠᠭ᠋ᠠᠳᠠᠳ ᠤᠷᠤᠯᠴᠠᠭᠰᠡᠨ ᠪᠠᠶᠢᠨ᠎ᠠ᠃ ᠡᠨᠡᠬᠦ ᠤᠷᠤᠯᠳᠤᠭᠠᠨ ᠨᠢ ᠨᠢᠬᠡ ᠤᠳᠠᠭᠠᠨ ᠤ ᠤᠷ᠎ᠠ ᠴᠢᠳᠠᠪᠤᠷᠢ ᠶᠢᠨ ᠦᠵᠡᠯᠴᠡᠬᠡᠨ ᠪᠤᠯᠬᠤ ᠮᠦᠷᠳᠡᠬᠡᠨ ᠪᠠᠰᠠ ᠨᠢᠬᠡ ᠤᠳᠠᠭᠠᠨ ᠤ ᠨᠦᠬᠦᠷᠯᠠᠯ ᠤᠨ ᠠᠵᠢᠯᠯᠠᠭ᠎ᠠ ᠪᠤᠯᠤᠨ᠎ᠠ᠃ ᠤᠷᠤᠯᠳᠤᠭᠠᠨ ᠢ ᠡᠷᠬᠢᠯᠳᠡᠳᠤ ᠰᠢᠭᠰᠢᠬᠡ ᠤᠷᠤᠯᠳᠤᠭᠠᠨ ᠤ ᠬᠡᠯᠪᠡᠷᠢ ᠪᠠᠷ ᠲᠠᠪᠤᠨ ᠤᠳᠠᠭ᠎ᠠ ᠳᠤ ᠭᠤᠷᠪᠠᠨᠳᠡ ᠢᠯᠠᠬᠤ ᠲᠦᠷᠢᠮ ᠢᠶᠠᠷ ᠶᠠᠪᠤᠭᠳᠠᠭᠤᠯᠪᠠ᠃ ᠤᠷᠤᠯᠳᠤᠭᠠᠨ ᠤ ᠲᠤᠮᠳᠠ᠂ ᠤᠷᠤᠯᠳᠤᠭᠠᠨ ᠳᠤ ᠤᠷᠤᠯᠴᠠᠭᠰᠡᠳ ᠤᠷᠠᠨ ᠨᠠᠷᠢᠯᠢᠭ ᠤᠷ᠎ᠠ ᠮᠠᠷᠬᠡᠵᠢᠯ ᠪᠠ ᠪᠦᠯᠬᠦᠮᠳᠠᠨ ᠬᠠᠮᠵᠢᠯᠴᠠᠬᠤ ᠵᠤᠷᠢᠭ ᠰᠠᠨᠠᠭ᠎ᠠ ᠪᠠᠷ ᠢᠶᠠᠨ ᠴᠢᠴᠢᠬᠦᠷ ᠪᠦᠮᠪᠦᠭᠡ ᠶᠢᠨ ᠤᠷᠤᠯᠳᠤᠭᠠᠨ ᠢ ᠭᠤᠶᠢᠳᠠ ᠰᠠᠶᠢᠬᠠᠨ ᠪᠤᠯᠭᠠᠨ᠂ ᠤᠷᠤᠯᠳᠤᠭᠠᠨ ᠤ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ ᠬᠦᠭᠵᠢᠶᠠᠨ ᠢᠶᠠᠷ ᠪᠢᠯᠬᠠᠵᠤ᠂ ᠤᠷᠤᠯᠳᠤᠭᠠᠨ ᠳᠤ ᠤᠷᠤᠯᠴᠠᠭᠰᠡᠳ ᠢᠳᠡᠬᠡᠯ ᠲᠡᠬᠦᠯᠳᠡᠷ ᠢᠶᠠᠷ ᠤᠷᠤᠯᠳᠤᠭᠠᠨ ᠤ ᠮᠠᠩᠯᠠᠢ ᠳᠤ ᠲᠤᠳᠤᠷᠠᠬᠤ ᠪᠠᠷ ᠦᠷᠢᠰᠤᠯᠳᠤᠵᠡᠬᠡᠨ᠎ᠠ᠃ ᠤᠷᠤᠯᠳᠤᠭᠠᠨ ᠤ ᠵᠠᠩᠬᠢᠯᠠᠭ᠎ᠠ ᠶᠢᠨ ᠮᠦᠴᠠ ᠳᠤ᠂ ᠦᠵᠡᠭᠴᠢᠳ ᠨᠢᠳᠤ ᠰᠠᠯᠭᠠᠯ ᠦᠬᠡᠢ ᠠᠮᠢᠰᠬᠤᠭ᠎ᠠ ᠪᠠᠨ ᠲᠠᠷᠤᠨ ᠰᠢᠷᠳᠠᠵᠤ᠂ ᠦᠶ᠎ᠠ ᠦᠶ᠎ᠠ ᠤᠤᠬᠠᠶᠢᠯᠠᠬᠤ ᠲᠠᠭᠤᠨ ᠬᠢᠬᠡᠳ ᠠᠯᠠᠭ᠎ᠠ ᠲᠠᠰᠢᠯᠳᠠ ᠶᠢᠨ ᠲᠠᠭᠤᠨ ᠠᠬᠤᠢ ᠲᠠᠯᠠᠪᠠᠢ ᠳᠤ ᠤᠷᠮ᠎ᠠ ᠱᠠᠩᠨᠠᠨ᠎ᠠ᠃ ᠬᠤᠷᠴᠠ ᠰᠢᠷᠤᠬᠦᠨ ᠦᠷᠢᠰᠤᠯᠳᠤᠬᠡᠨ ᠢᠶᠠᠷ ᠲᠠᠮᠵᠢᠨ᠂ ᠵᠢᠷᠭᠠᠯᠠᠩᠳᠤ ᠰᠤᠮᠤ᠂ ᠤᠯᠤᠰ ᠤᠨ ᠦᠮᠴᠢᠯᠡᠯᠳᠤ ᠡᠳ᠋ ᠬᠦᠷᠤᠩᠬᠡ ᠶᠢᠨ ᠬᠠᠮᠢᠶᠠᠷᠤᠯᠳᠠ ᠶᠢᠨ ᠵᠦᠪᠯᠡᠯ ᠤᠨ ᠬᠤᠯᠪᠤᠭᠠᠳᠤ ᠠᠩᠬᠢ ᠨᠢ ᠤᠷᠤᠯᠳᠤᠭᠠᠨ ᠳᠤ ᠮᠠᠩᠯᠠᠶᠢᠯᠠᠨ᠂ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠶᠢᠨ ᠲᠦᠯᠤᠬᠡᠯᠡᠭᠴᠢᠳ ᠤᠨ ᠠᠩᠬᠢ ᠲᠠᠳ᠋ᠯᠠᠨ᠂ ᠤᠢ ᠰᠢᠭᠤᠢ ᠪᠠ ᠨᠤᠳᠤᠭ ᠪᠠᠯᠴᠢᠬᠡᠷ ᠤᠨ ᠲᠤᠪᠴᠢᠶᠠᠨ ᠤ ᠲᠦᠯᠤᠬᠡᠯᠡᠭᠴᠢᠳ ᠤᠨ ᠠᠩᠬᠢ ᠭᠤᠷᠪᠠᠳᠤᠭᠠᠷ ᠪᠠᠶᠢᠷᠢᠨ ᠳᠤ ᠲᠤᠳᠤᠷᠠᠭᠰᠡᠨ ᠪᠠᠶᠢᠨ᠎ᠠ᠃      ᠲᠤᠰ ᠤᠳᠠᠭᠠᠨ ᠤ ᠴᠢᠴᠢᠬᠦᠷ ᠪᠦᠮᠪᠦᠭᠡ ᠶᠢᠨ ᠤᠷᠤᠯᠳᠤᠭᠠᠨ ᠨᠢ ᠪᠦᠬᠦ ᠬᠤᠰᠢᠭᠤᠨ ᠤ ᠺᠠᠳ᠋ᠷ ᠠᠵᠢᠯᠳᠠᠳ  ᠲᠤ ᠰᠠᠶᠢᠨ ᠰᠠᠶᠢᠬᠠᠨ ᠲᠤᠷᠠᠰᠤᠮᠵᠢ ᠦᠯᠡᠳᠡᠬᠡᠵᠤ᠂ ᠬᠤᠷᠴᠠ ᠰᠢᠷᠤᠬᠦᠨ ᠦᠷᠢᠰᠤᠯᠳᠤᠬᠡᠨ ᠤ ᠲᠤᠮᠳᠠ ᠦᠪᠡᠷᠰᠡᠳ  ᠤᠨ ᠴᠢᠴᠢᠬᠦᠷ ᠪᠦᠮᠪᠤᠬᠡᠨ ᠤ ᠮᠡᠷᠬᠡᠵᠢᠯ ᠢᠶᠠᠨ ᠲᠠᠪᠳᠠᠨ ᠪᠤᠯᠪᠠᠰᠤᠷᠠᠭᠤᠯᠵᠤ᠂ ᠨᠠᠭᠠᠳᠤᠮ ᠲᠤᠭᠯᠠᠭᠠᠮ ᠤᠨ ᠲᠤᠮᠳᠠ ᠴᠢᠴᠢᠬᠦᠷ ᠪᠦᠮᠪᠤᠬᠡᠨ ᠤ ᠮᠠᠷᠬᠡᠵᠢᠯ ᠢᠶᠠᠨ ᠲᠡᠬᠡᠭᠰᠢᠯᠡᠬᠦᠯᠵᠤ᠂ ᠪᠦᠮᠪᠤᠬᠡᠨ ᠪᠠᠭ᠋ᠠᠳᠠᠳ ᠤᠨ ᠨᠦᠬᠦᠷᠯᠡᠯ ᠢᠶᠠᠨ ᠵᠤᠵᠠᠭᠠᠳᠬᠠᠨ᠂ ᠪᠦᠯᠬᠦᠮᠳᠠᠯ ᠨᠢᠭᠳᠠᠷᠠᠯ ᠤᠨ ᠬᠦᠴᠤᠨ ᠢ ᠴᠢᠩᠭᠠᠳᠬᠠᠵᠤ ᠴᠢᠳᠠᠭᠰᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号