ᠪᠥᠬᠦ ᠠᠶᠢᠮᠠᠭ ᠤᠨ ᠨᠢᠭᠡᠳᠦᠮᠡᠯ ᠹᠷᠣᠨᠲ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ  ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠬᠤᠩᠭᠤᠷᠭᠤᠤᠯ ᠪᠠᠯᠭᠠᠰᠤᠨ ᠤ ᠪᠠᠶᠠᠨᠬᠤᠩᠭᠤᠷ ᠭᠠᠴᠠᠭ᠎ᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 27 ᠤ ᠡᠳᠦᠷ᠂ ᠪᠥᠬᠦ ᠠᠶᠢᠮᠠᠭ ᠤᠨ ᠨᠢᠭᠡᠳᠦᠮᠡᠯ ᠹᠷᠣᠨᠲ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ  ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠨᠢ ᠬᠤᠩᠭᠤᠷᠭᠤᠤᠯ ᠪᠠᠯᠭᠠᠰᠤᠨ ᠤ ᠪᠠᠶᠠᠨᠬᠤᠩᠭᠤᠷ ᠭᠠᠴᠠᠭ᠎ᠠ ᠳᠤ ᠶᠠᠪᠣᠭᠳᠠᠵᠣ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠦᠨᠡᠨ ᠰᠡᠳᠬᠢᠯ ᠠᠴᠠ ᠪᠠᠨ ᠲᠠᠯᠠᠷᠬᠠᠵᠤ᠂ ᠨᠠᠮ ᠤᠨ ᠦᠭᠡ ᠶᠢ ᠰᠣᠨᠣᠰᠣᠨ᠂ ᠨᠠᠮ ᠢᠶᠠᠨ ᠲᠠᠭᠠᠬᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠤᠯᠠᠮ ᠴᠢᠨᠠᠭᠰᠢᠳᠠ ᠠᠬᠢᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠱᠠᠰᠢᠨ ᠰᠤᠷᠲᠠᠬᠤᠨ ᠤ ᠲᠣᠪᠴᠢᠶᠠᠨ ᠤ ᠳᠠᠷᠤᠭ᠎ᠠ ᠰᠣᠳᠣ  ᠨᠠᠷ  ᠬᠦᠷᠦᠯᠴᠠᠨ ᠢᠷᠠᠵᠣ ᠬᠢᠴᠢᠶᠡᠯ ᠣᠷᠣᠪᠠ᠃ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠳᠡᠳ᠋ ᠡᠷᠬᠢᠯᠡᠭᠴᠢ ᠬᠠᠶ ᠵᠢᠶᠦ᠋ᠨ᠂ ᠪᠥᠬᠦ ᠠᠶᠢᠮᠠᠭ ᠤᠨ ᠨᠢᠭᠡᠳᠦᠮᠡᠯ ᠹᠷᠣᠨᠲ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ᠬᠡᠰᠡᠭ ᠺᠠᠳ᠋ᠷ ᠠᠵᠢᠯᠲᠠᠨ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠩᠭᠤᠷᠭᠤᠤᠯ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠡᠰᠡᠭ ᠨᠠᠮ ᠤᠨ ᠭᠡᠰᠢᠭᠦᠨ᠂ ᠪᠠᠶᠠᠨᠬᠤᠩᠭᠤᠷ ᠭᠠᠴᠠᠭᠠᠨ ᠤ ᠪᠥᠬᠦ ᠨᠠᠮ ᠤᠨ ᠭᠡᠰᠢᠭᠦᠨ ᠪᠠ ᠬᠡᠰᠡᠭ ᠮᠠᠯᠴᠢᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠲᠡᠬᠡᠷ᠎ᠠ ᠰᠣᠳᠣ᠂ ᠬᠠᠢ ᠵᠢᠶᠦ᠋ᠨ ᠵᠡᠷᠭᠡ ᠤᠳᠤᠷᠢᠳᠤᠯᠭ᠎ᠠ ᠲᠣᠰ ᠲᠣᠰ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠣᠭᠤᠷᠢᠨ ᠳᠤ᠂ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠣᠴᠢᠷ ᠢᠶᠠᠷ ᠭᠤᠤᠯ ᠠᠭᠤᠯᠭ᠎ᠠ ᠪᠣᠯᠭᠠᠭᠰᠠᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠵᠣ᠂ ᠥᠪᠥᠷ ᠮᠣᠩᠭᠤᠯ ᠤᠨ ᠬᠥᠭᠵᠢᠯᠲᠡ ᠶᠢᠨ ᠨᠠᠷᠢᠨ ᠪᠣᠳᠠᠲᠠᠶ᠂ ᠰᠢᠭᠤᠳ ᠲᠡᠦᠬᠡ ᠶᠢᠨ ᠮᠠᠲ᠋ᠧᠷᠢᠶᠠᠯ ᠪᠠ ᠪᠣᠳᠠᠲᠤ ᠵᠢᠱᠢᠶ᠎ᠡ ᠪᠠᠷ ᠥᠪᠥᠷ ᠮᠣᠩᠭᠤᠯ ᠤᠨ ᠬᠥᠭᠵᠢᠯᠲᠡ ᠶᠢᠨ ᠥᠩᠭᠡᠷᠡᠯᠲᠡ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ︽ᠵᠢᠷᠭᠤᠭᠠᠨ ᠦᠭᠡ︾ ᠶᠢᠨ ᠭᠦᠨ ᠭᠦᠨᠵᠡᠭᠡᠶ ᠠᠭᠤᠯᠤᠭᠳᠠᠬᠤᠨ ᠢ ᠭᠦᠨᠵᠡᠭᠡᠶ ᠵᠠᠳᠠᠯᠵᠤ᠂ ᠥᠷᠭᠡᠨ ᠣᠯᠠᠨ ᠨᠠᠮ ᠤᠨ ᠭᠡᠰᠢᠭᠦᠨ ᠤᠨ  ᠴᠠᠭ ᠢᠮᠠᠭᠳᠠ ᠨᠠᠮ ᠤᠨ ᠠᠴᠢ ᠳᠤ ᠲᠠᠯᠠᠷᠬᠠᠬᠤ᠂ ᠡᠷᠡᠰ ᠭᠤᠶᠢᠪᠢᠰᠢ ᠥᠬᠡᠶ ᠪᠠᠷ ᠨᠠᠮ ᠤᠨ ᠦᠭᠡ ᠶᠢ ᠰᠣᠨᠣᠰᠬᠤ᠂ ᠡᠷᠡᠰ ᠭᠤᠶᠢᠪᠢᠰᠢ ᠥᠬᠡᠶ ᠪᠠᠷ ᠨᠠᠮ ᠢᠶᠠᠨ ᠳᠠᠭᠠᠬᠤ ᠶᠢ ᠬᠦᠮᠦᠵᠢᠬᠦᠯᠦᠨ ᠵᠢᠯᠣᠭᠤᠳᠪᠠ᠃      ᠤᠬᠠᠭᠤᠯᠤᠨ ᠲᠠᠶᠢᠯᠪᠣᠷᠢᠯᠠᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠨᠠᠮ ᠤᠨ ᠭᠡᠰᠢᠭᠦᠳ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠩ ᠭᠦᠨᠵᠡᠭᠡᠶ ᠰᠢᠰᠲ᠋ᠧᠮ ᠲᠠᠢ ᠰᠤᠷᠤᠯᠴᠠᠨ ᠣᠶᠢᠯᠠᠭᠠᠵᠤ᠂ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠰᠤᠷᠲᠠᠬᠤᠨ ᠤ ᠲᠤᠬᠠᠶ ᠣᠶᠢᠯᠠᠭᠠᠯᠲᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠲᠡᠷᠢᠭᠦᠨ ᠤ ᠬᠢ ᠪᠠᠷ ᠪᠠᠷᠢᠮᠵᠢᠶᠠᠯᠠᠨ ᠠᠵᠢᠯᠯᠠᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠥᠪᠡᠷ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃      ᠲᠣᠰ ᠤᠳᠠᠭᠠᠨ ᠤ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠤ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠢᠲᠡᠭᠡᠯ ᠵᠣᠷᠢᠭ ᠢ ᠤᠯᠠᠮ ᠴᠢᠨᠠᠭᠰᠢᠳᠠ ᠠᠬᠢᠭᠤᠯᠵᠤ᠂ ᠮᠠᠯᠴᠢᠨ ᠨᠠᠮ ᠤᠨ ᠭᠡᠰᠢᠭᠦᠨ ᠤ ᠨᠠᠮᠴᠢ ᠴᠢᠨᠠᠷ ᠤᠨ ᠪᠣᠯᠪᠠᠰᠤᠷᠠᠯ ᠢ  ᠴᠢᠩᠭᠠᠳᠬᠠᠨ᠂ ᠦᠢᠯᠡᠴᠢᠯᠡᠭᠡᠨ ᠤ ᠤᠬᠠᠮᠰᠠᠷ ᠢ ᠣᠯᠠᠮ ᠴᠢᠨᠠᠭᠰᠢᠳᠠ ᠲᠡᠬᠡᠭᠰᠢᠯᠡᠬᠦᠯᠪᠠ᠃ ᠲᠠᠷᠠᠭᠠᠴᠢ ᠶᠢᠨ ᠠᠯᠬᠤᠮ ᠳᠤ᠂ ᠪᠥᠬᠦ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ᠬᠢᠨ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠣᠯᠠᠨ ᠲᠦᠮᠡᠨᠴᠢ ᠦᠢᠯᠡᠳᠦᠯᠭᠡ ᠬᠥᠮᠦᠵᠢᠯ ᠤᠨ ᠠᠵᠢᠯᠯᠠᠭ᠎ᠠ ᠶᠢ ᠡᠯ᠎ᠡ ᠲᠠᠯ᠎ᠠ ᠵᠢᠨ‌ᠠᠵᠢᠯ ᠤᠨ ᠶᠠᠪᠣᠴᠨ ᠳᠤ ᠲᠤᠭᠤᠰᠢᠯᠠᠭᠤᠯᠵᠤ᠂ ᠮᠠᠯᠴᠢᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号