ᠰᠢᠯᠢ ᠶᠢᠨ ᠭᠤᠤᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ︵ᠰᠢᠯᠢ ᠶᠢᠨ ᠭᠤᠤᠯ ᠠᠶᠢᠮᠠᠭ ᠤᠨ | ᠣᠯᠣᠰ ᠤᠨ ᠪᠠᠷᠢᠮᠵᠢᠶ᠎ᠠ ᠠᠪᠢᠶᠠᠨ ᠤ ᠬᠢᠷᠢ ᠲᠦᠪᠰᠢᠨ ᠤ ᠪᠣᠯᠪᠠᠰᠤᠷᠠᠯ ᠬᠢᠨᠠᠨ ᠲᠣᠭᠳᠠᠭᠠᠯᠳᠠ ᠶᠢᠨ ᠠᠵᠢᠯ ᠤᠨ | ᠥᠷᠲᠡᠭᠡ︶ ᠶᠢᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠮᠠᠨ ᠤ ᠬᠤᠰᠢᠭᠤ 4 ᠰᠠᠷ᠎ᠠ ᠶᠢᠨ 24 ᠤ | ᠡᠳᠦᠷ᠂ 25 ᠤ ᠡᠳᠦᠷ ᠨᠡᠶᠢᠭᠡᠮ ᠤᠨ ᠬᠥᠮᠦᠰ ᠲᠤ ᠬᠠᠨᠳᠤᠭᠤᠯᠤᠨ 2024 ᠣᠨ ᠤ ᠳᠡᠭᠡᠷ᠎ᠡ ᠬᠠᠭᠠᠰ ᠵᠢᠯ ᠤᠨ | ᠣᠯᠣᠰ ᠤᠨ ᠪᠠᠷᠢᠮᠵᠢᠶ᠎ᠠ ᠠᠪᠢᠶᠠᠨ ᠤ ᠬᠢᠷᠢ ᠲᠦᠪᠰᠢᠨ ᠤ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠵᠣ | ᠥᠷᠨᠢᠭᠦᠯᠬᠦ ᠪᠠᠷ ᠪᠣᠯᠪᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠰᠢᠯᠭᠠᠭᠤᠯᠬᠤ ᠡᠲᠡᠭᠡᠳ | ᠠᠪᠠᠭ᠎ᠠ ᠬᠤᠰᠢᠭᠤᠨ ᠤ ᠡᠷᠦᠬᠡ ᠠᠮᠠ ᠶᠢᠨ ᠬᠠᠷᠢᠶᠠᠨ ᠤ ᠬᠦᠮᠦᠰ ᠪᠣᠯᠤᠨ ᠠᠪᠠᠭ᠎ᠠ ᠬᠤᠰᠢᠭᠤᠨ ᠳᠤ | ᠠᠵᠢᠯᠯᠠᠵᠤ ᠰᠤᠷᠤᠯᠴᠠᠵᠤ ᠠᠮᠢᠳᠤᠷᠠᠵᠤ ᠪᠠᠶᠢᠭ᠎ᠠ ᠭᠠᠳᠠᠷ ᠣᠷᠣᠨ ᠤ ᠡᠷᠦᠬᠡ ᠠᠮᠠ ᠶᠢᠨ ᠳᠠᠩᠰᠠ ᠲᠠᠢ ᠬᠦᠮᠦᠰ᠃ | ᠬᠤᠶᠠᠷ᠂ ᠣᠯᠣᠰ ᠤᠨ ᠪᠠᠷᠢᠮᠵᠢᠶ᠎ᠠ ᠠᠪᠢᠶᠠᠨ ᠤ ᠬᠢᠷᠢ ᠲᠦᠪᠰᠢᠨ ᠤ ᠬᠢᠨᠠᠨ ᠲᠣᠭᠳᠠᠭᠠᠯᠳᠠ ᠶᠢᠨ ᠴᠡᠭ ᠪᠠ | ᠰᠢᠯᠭᠠᠯᠳᠠ ᠶᠢᠨ ᠤᠷᠤᠨ ᠲᠤᠭ᠎ᠠ ᠶᠢᠨ ᠬᠤᠪᠢᠶᠠᠷᠢᠯᠠᠯᠳᠠ | ᠠᠪᠠᠭ᠎ᠠ ᠬᠤᠰᠢᠭᠤᠨ ᠳᠤ ᠣᠯᠣᠰ ᠤᠨ ᠪᠠᠷᠢᠮᠵᠢᠶ᠎ᠠ ᠠᠪᠢᠶᠠᠨ ᠤ ᠬᠢᠷᠢ ᠲᠦᠪᠰᠢᠨ ᠤ ᠬᠢᠨᠠᠨ ᠲᠣᠭᠳᠠᠭᠠᠯᠳᠠ | ᠶᠢᠨ ᠴᠡᠭ ︵ᠳᠣᠷᠣᠭᠰᠢ ᠲᠤᠷᠰᠢᠯᠲᠠ ᠶᠢᠨ ᠴᠡᠭ ᠭᠡᠵᠦ ᠲᠣᠪᠴᠢᠯᠠᠨ᠎ᠠ︶ ᠢ ᠭᠠᠷᠭᠠᠵᠤ᠂ ᠬᠢᠨᠠᠨ ᠲᠣᠭᠳᠠᠭᠠᠯᠳᠠ ᠳᠤ | ᠣᠷᠣᠯᠴᠠᠭᠰᠠᠳ ᠮᠠᠨ ᠤ ᠬᠤᠰᠢᠭᠤᠨ ᠤ ᠲᠤᠷᠰᠢᠯᠲᠠ ᠶᠢᠨ ᠴᠡᠭ ᠤᠨ ᠨᠡᠷ᠎ᠡ ᠮᠡᠳᠡᠬᠦᠯᠣᠨ ᠬᠢᠨᠠᠨ ᠲᠣᠭᠳᠠᠭᠠᠯᠳᠠ ᠳᠤ | ᠣᠷᠣᠯᠴᠠᠵᠣ᠂ ᠬᠢᠨᠠᠨ ᠲᠣᠭᠳᠠᠭᠠᠯᠳᠠ ᠶᠢᠨ ᠴᠡᠭ ᠲᠤ 60 ᠣᠷᠣᠨ ᠲᠤᠭ᠎ᠠ ᠬᠤᠪᠢᠶᠠᠷᠢᠯᠠᠨ᠎ᠠ᠃ | ᠭᠤᠷᠪᠠ᠂ ᠨᠡᠷ᠎ᠡ ᠮᠡᠳᠡᠭᠦᠯᠬᠦ᠂ ᠰᠦᠢᠳᠬᠡᠯ ᠲᠤᠰᠢᠶᠠᠬᠤ᠂ ᠰᠢᠯᠭᠠᠬᠤ ᠴᠤᠪᠤᠷᠠᠯ ᠤᠨ ᠲᠣᠬᠢᠷᠠᠭᠤᠯᠤᠯᠲᠠ | ⒈ ᠨᠡᠷ᠎ᠡ ᠮᠡᠳᠡᠭᠦᠯᠬᠦ ᠠᠷᠭ᠎ᠠ ᠬᠡᠯᠪᠡᠷᠢ᠄ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠮᠠᠶ᠋ᠢᠭ ᠢ ᠬᠡᠷᠡᠭᠯᠡᠨ᠎ᠡ᠃ | ᠨᠡᠷ᠎ᠡ ᠮᠡᠳᠡᠭᠦᠯᠬᠦ ᠳᠤ ᠡᠷᠬᠡᠪᠰᠢ ︽ᠭᠦ᠋ ᠭᠧ︾ ᠰᠣᠹᠲ ᠪᠠᠷ bm.cltt.org ᠰᠦᠯᠵᠢᠶᠡᠨ ᠤ ᠬᠠᠶ᠋ᠢᠭ | ︵ᠣᠯᠣᠰ ᠤᠨ ᠪᠠᠷᠢᠮᠵᠢᠶ᠎ᠠ ᠠᠪᠢᠶᠠᠨ ᠤ ᠬᠢᠷᠢ ᠲᠦᠪᠰᠢᠨ ᠤ ᠬᠢᠨᠠᠨ ᠲᠣᠭᠳᠠᠭᠠᠯᠳᠠ ᠶᠢᠨ ᠰᠦᠯᠵᠢᠶᠡᠨ ᠳᠡᠭᠡᠷ᠎ᠡ ᠨᠡᠷ᠎ᠡ | ᠮᠡᠳᠡᠭᠦᠯᠬᠦ ᠰᠢᠰᠲ᠋ᠧᠮ︶ ᠢ ᠣᠷᠣᠭᠤᠯᠵᠣ ᠨᠡᠷ᠎ᠡ ᠮᠡᠳᠡᠭᠦᠯᠦᠨ᠂ ᠲᠠᠩᠰᠠᠨ ᠨᠣᠮᠧᠷ ᠢᠶᠠᠷ ᠪᠦᠷᠢᠳᠬᠡᠬᠦᠯᠵᠣ᠂ ᠰᠢᠯᠢ ᠶᠢᠨ | ᠭᠤᠤᠯ ᠠᠶᠢᠮᠠᠭ ᠤᠨ ᠪᠠᠷᠢᠮᠵᠢᠶ᠎ᠠ ᠠᠪᠢᠶᠠᠨ ᠤ ᠬᠢᠷᠢ ᠲᠦᠪᠰᠢᠨ ᠤ ᠪᠣᠯᠪᠠᠰᠣᠷᠠᠯ ᠬᠢᠨᠠᠨ ᠲᠣᠭᠳᠠᠭᠠᠯᠳᠠ ᠶᠢᠨ ᠴᠡᠭ ᠢ | ᠡᠷᠢᠵᠦ᠂ ᠠᠪᠠᠭ᠎ᠠ ᠬᠤᠰᠢᠭᠤᠨ ᠤ ᠲᠤᠷᠰᠢᠯᠲᠠ ᠶᠢᠨ ᠴᠡᠭ ᠢ ᠣᠯᠣᠭᠠᠳ᠂ ᠰᠢᠰᠲ᠋ᠧᠮ ᠤᠨ ᠰᠠᠨᠠᠭᠤᠯᠤᠮᠵᠢ ᠶᠣᠰᠣᠭᠠᠷ | ᠵᠦᠢᠯ ᠳᠠᠷᠠᠭᠠᠯᠠᠨ ᠣᠷᠣᠭᠤᠯᠣᠨ᠎ᠠ᠃ ᠰᠢᠯᠭᠠᠯᠲᠠ ᠳᠤ ᠣᠷᠣᠯᠴᠠᠭᠰᠠᠳ ᠤᠨ ᠲᠣᠰ ᠬᠥᠮᠦᠨ ᠤ ᠦᠨᠡᠨ ᠪᠣᠳᠠᠲᠠᠶ | ᠮᠡᠳᠡᠭᠡ ᠵᠠᠩᠭᠢ ᠶᠢ ᠬᠢᠨᠠᠮᠠᠭᠠᠶ ᠲᠠᠭᠯᠠᠨ ᠪᠢᠴᠢᠵᠦ᠂ ᠵᠢᠷᠤᠭ ᠰᠠᠬᠦᠳᠠᠷ ᠨᠢ ᠡᠷᠬᠡᠪᠰᠢ ᠣᠶᠢᠷ᠎ᠠ ᠶᠢᠨ ᠬᠤᠭᠤᠴᠠᠭᠠᠨ ᠤ | ᠴᠠᠭᠠᠨ ᠳᠡᠪᠢᠰᠬᠡᠷᠲᠦ 2 ᠢᠮᠠᠬᠤ ᠶᠢᠨ ᠬᠡᠷᠡᠯ ᠵᠢᠷᠤᠭ ᠪᠠᠶᠢᠵᠤ᠂ ᠬᠡᠮᠵᠢᠶ᠎ᠡ ᠨᠢ 3.5×5.3 ᠰᠠᠨᠲ᠋ᠢᠮᠧᠲᠷ᠂ | 390×567 ᠶᠢᠨ ᠳᠦᠷᠰᠦ ᠪᠠᠶᠢᠵᠤ᠂ JPG / JPEG / PNG ᠶᠢ ᠲᠠᠮᠵᠢᠨ᠂ 1M ᠤᠨ ᠳᠣᠲᠣᠷ᠎ᠠ | ᠪᠠᠶᠢᠬᠤ ᠬᠡᠷᠡᠭᠲᠡᠶ᠃ ᠬᠢᠨᠠᠨ ᠲᠣᠭᠳᠠᠭᠠᠯᠳᠠ ᠳᠤ ᠣᠷᠣᠯᠴᠠᠭᠰᠠᠳ ︽ᠨᠡᠷ᠎ᠡ ᠮᠡᠳᠡᠭᠦᠯᠬᠦ ᠰᠢᠰᠲ᠋ᠧᠮ︾ ᠳᠤᠮᠳᠠᠬᠢ ︽ | ᠰᠢᠯᠭᠠᠬᠤ ᠠᠴᠠ ᠡᠮᠦᠨᠡᠬᠢ ᠡᠷᠬᠡᠪᠰᠢ ᠮᠡᠳᠡᠬᠦ ᠵᠦᠢᠯ︾ ᠢᠶᠠᠷ ᠯᠠᠪᠯᠠᠯᠲᠠ ᠪᠣᠯᠭᠠᠵᠤ᠂ ᠨᠡᠷ᠎ᠡ ᠮᠡᠳᠡᠭᠦᠯᠬᠦ ᠶᠠᠪᠤᠴᠠ᠂ | ᠺᠣᠮᠫᠢᠣᠲ᠋ᠧᠷ ᠤᠨ ᠲᠤᠰᠠᠯᠠᠬᠤ ᠰᠣᠷᠢᠯᠲᠠ᠂ ᠬᠢᠨᠠᠨ ᠲᠣᠭᠳᠠᠭᠠᠯᠳᠠ ᠶᠢᠨ ᠠᠭᠤᠯᠭ᠎ᠠ ᠵᠡᠷᠭᠡ ᠱᠠᠭᠠᠷᠳᠠᠯᠭ᠎ᠠ ᠶᠢ | ᠣᠶᠢᠯᠠᠭᠠᠭᠰᠠᠨ ᠪᠠᠶᠢᠬᠤ ᠬᠡᠷᠡᠭᠳᠠᠢ᠃ 4 ᠰᠠᠷ᠎ᠠ ᠶᠢᠨ 24 ᠤ ᠡᠳᠦᠷ᠂ 25 ᠤ ᠡᠳᠦᠷ ᠰᠢᠯᠭᠠᠯᠲᠠ ᠶᠢ ᠵᠣᠬᠢᠶᠠᠨ | ᠪᠠᠶᠢᠭᠤᠯᠵᠤ᠂ ᠬᠢᠨᠠᠨ ᠲᠣᠭᠳᠠᠭᠠᠯᠳᠠ ᠳᠤ ᠣᠷᠣᠯᠴᠠᠭᠰᠠᠳ ᠠᠴᠠ ᠦᠪᠡᠷ ᠢᠶᠠᠨ ᠰᠣᠷᠢᠯᠲᠠ ᠬᠢᠬᠦ ᠡᠳᠦᠷ | ᠬᠤᠭᠤᠴᠠᠭ᠎ᠠ ᠪᠠᠨ ᠰᠣᠩᠭᠤᠵᠤ᠂ ᠨᠢᠭᠡ ᠡᠳᠦᠷ ᠲᠤ 30 ᠬᠥᠮᠥᠨ ᠰᠢᠯᠭᠠᠯᠲᠠ ᠳᠤ ᠨᠡᠷ᠎ᠡ ᠮᠡᠳᠡᠭᠦᠯᠵᠦ᠂ ᠬᠤᠶᠠᠷ | ᠡᠳᠦᠷ ᠲᠤ ᠨᠡᠶᠢᠲᠡ 60 ᠬᠥᠮᠥᠨ ︵ᠨᠡᠷ᠎ᠡ ᠮᠡᠳᠡᠭᠦᠯᠬᠦ ᠺᠣᠳ᠋ ᠢ ᠲᠤᠷᠰᠢᠯᠲᠠ ᠶᠢᠨ ᠴᠡᠭ ᠤᠨ ᠠᠵᠢᠯᠲᠠᠳ ᠲᠠᠢ | ᠬᠠᠷᠢᠯᠴᠠᠵᠤ ᠪᠠᠶᠢᠭᠠᠳ ᠣᠯᠤᠨ᠎ᠠ︶ ᠮᠡᠳᠡᠬᠦᠯᠣᠨᠠ᠃ ᠨᠠᠷᠠ ᠮᠡᠳᠡᠬᠦᠯᠵᠣ ᠲᠠᠭᠤᠰᠣᠭᠰᠠᠨ ᠤ ᠲᠠᠷᠠᠭ᠎ᠠ᠂ | ᠬᠠᠮᠢᠶᠠᠷᠣᠯᠳᠠ ᠶᠢᠨ ᠰᠢᠰᠲ᠋ᠧᠮ ᠨᠢ ᠠᠶᠠᠨᠳᠠᠭᠠᠨ ᠰᠦᠯᠵᠢᠶ᠎ᠠ ᠪᠠᠨ ᠬᠠᠭᠠᠬᠤ ᠣᠴᠢᠷ ᠠᠴᠠ ᠴᠠᠭ ᠠᠴᠠ | ᠬᠤᠴᠣᠷᠣᠭᠰᠠᠨ ᠪᠣᠶᠣ ᠬᠦᠮᠦᠨ ᠤ ᠲᠤᠭ᠎ᠠ ᠨᠢ ᠲᠦᠬᠦᠷᠦᠭᠰᠡᠨ ᠪᠠᠶᠢᠪᠠᠯ᠂ ︽ᠠᠪᠠᠭ᠎ᠠ ᠬᠤᠰᠢᠭᠤᠨ ᠤ ᠰᠤᠷᠭᠠᠨ | ᠬᠥᠮᠦᠵᠢᠯ ᠤᠨ ᠲᠣᠪᠴᠢᠶ᠎ᠠ︾ ᠶᠢᠨ ᠳᠠᠷᠠᠭ᠎ᠠ ᠬᠤᠭᠤᠴᠠᠭᠠᠨ ᠤ ᠣᠯᠣᠰ ᠤᠨ ᠪᠠᠷᠢᠮᠵᠢᠶ᠎ᠠ ᠠᠪᠢᠶᠠᠨ ᠤ ᠬᠢᠷᠢ ᠲᠦᠪᠰᠢᠨ | ᠤ ᠪᠣᠯᠪᠠᠰᠤᠷᠠᠯ ᠬᠢᠨᠠᠨ ᠲᠣᠭᠳᠠᠭᠠᠯᠳᠠ ᠶᠢᠨ ᠠᠯᠪᠠᠨ ᠵᠠᠷ ᠲᠤ ᠠᠩᠬᠠᠷᠣᠯ ᠢᠶᠠᠨ ᠬᠠᠨᠳᠣᠭᠤᠯᠣᠭᠠᠷᠠᠢ᠃ | ⒉ ᠨᠡᠷ᠎ᠡ ᠮᠡᠳᠡᠭᠦᠯᠬᠦ ᠴᠠᠭ᠄ | ᠰᠦᠯᠵᠢᠶᠡᠨ ᠲᠡᠬᠡᠷ᠎ᠠ ᠮᠡᠳᠡᠬᠦᠯᠬᠦ ᠡᠬᠢᠯᠡᠬᠦ ᠴᠠᠭ᠄ 2024 ᠣᠨ ᠤ 4 ᠰᠠᠷ᠎ᠠ ᠶᠢᠨ 10 ᠤ ᠡᠳᠦᠷ ᠤᠨ | 22᠄ 00 | ᠰᠦᠯᠵᠢᠶᠡᠨ ᠲᠡᠬᠡᠷ᠎ᠠ ᠮᠡᠳᠡᠬᠦᠯᠬᠦ ᠳᠠᠭᠤᠰᠬᠤ ᠴᠠᠭ᠄ 2024 ᠣᠨ ᠤ 4 ᠰᠠᠷ᠎ᠠ ᠶᠢᠨ 17 ᠤ ᠡᠳᠦᠷ ᠤᠨ | 24᠄ 00 | ⒊ᠰᠦᠢᠳᠬᠡᠯ ᠲᠤᠰᠢᠶᠠᠬᠤ ᠴᠠᠭ ᠬᠤᠭᠤᠴᠠᠭ᠎ᠠ ᠬᠢᠭᠡᠳ ᠠᠷᠭ᠎ᠠ ᠮᠠᠶ᠋ᠢᠭ᠄ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠤᠨ ︽ᠣᠯᠣᠰ ᠤᠨ ᠪᠠᠷᠢᠵᠢᠶᠠ ᠠᠪᠢᠶᠠᠨ ᠤ ᠬᠢᠷᠢ ᠲᠦᠪᠰᠢᠨ ᠤ ᠬᠢᠨᠠᠨ ᠲᠣᠭᠳᠠᠭᠠᠯᠳᠠ ᠵᠢᠨᠰᠦ᠋ᠢᠳᠬᠡᠯ | ᠵᠡᠷᠭᠡ ᠰᠦᠢᠳᠬᠡᠯ ᠬᠤᠷᠢᠶᠠᠬᠤ ᠪᠠᠷᠢᠮᠵᠢᠶ᠎ᠠ ᠶᠢᠨ ᠲᠤᠬᠠᠶ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ | ᠵᠠᠷᠤᠳᠠᠯ ᠦᠰᠦᠭ [ 2009] 178 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠬᠢᠨᠠᠨ | ᠲᠣᠭᠳᠠᠭᠠᠯᠳᠠ ᠶᠢᠨ ᠰᠦᠢᠳᠬᠡᠯ ᠳᠤ 50.00 ᠲᠥᠭᠦᠷᠢᠭ ᠬᠤᠷᠢᠶᠠᠨ᠎ᠠ᠃ | ᠰᠦᠢᠳᠬᠡᠯ ᠲᠤᠰᠢᠶᠠᠬᠤ ᠴᠠᠭ᠄ 2024 ᠣᠨ ᠤ 4 ᠰᠠᠷ᠎ᠠ ᠶᠢᠨ 25 ᠤ ᠡᠳᠦᠷ᠂ 26 ᠤ ᠡᠳᠦᠷ | 4. ᠬᠢᠨᠠᠨ ᠲᠣᠭᠳᠠᠭᠠᠯᠳᠠ ᠶᠢᠨ ᠭᠠᠵᠠᠷ᠂ ᠴᠠᠭ | ᠰᠢᠯᠭᠠᠬᠤ ᠴᠠᠭ᠄ 4 ᠰᠠᠷ᠎ᠠ ᠶᠢᠨ 24 ᠤ ᠡᠳᠦᠷ᠂ 25 ᠤ ᠡᠳᠦᠷ᠂ ᠪᠣᠳᠠᠲᠠᠶ ᠴᠠᠭ ᠬᠤᠭᠤᠴᠠᠭ᠎ᠠ ᠨᠢ ᠨᠡᠷ᠎ᠡ | ᠮᠡᠳᠡᠭᠦᠯᠦᠭᠰᠡᠨ ᠬᠥᠮᠦᠨ ᠤ ᠲᠤᠭ᠎ᠠ ᠶᠢ ᠦᠨᠳᠦᠰᠦᠯᠡᠨ ᠳᠠᠬᠢᠨ ᠴᠠᠭ ᠲᠤᠨᠢ ᠳᠣᠭᠢᠷᠠᠭᠤᠯᠤᠨ ᠵᠣᠬᠢᠶᠠᠨ ᠪᠠᠶᠢᠭᠤᠯᠤᠨ᠎ᠠ᠃ | ︵ ᠰᠢᠯᠭᠠᠭᠤᠯᠬᠤ ᠵᠦᠪᠰᠢᠶᠠᠷᠠᠯ ᠤᠨ ᠬᠡᠷᠡᠴᠢ ᠲᠡᠬᠡᠷᠡᠬᠢ ᠴᠠᠭ ᠢᠶᠠᠷ ᠪᠠᠷᠢᠮᠵᠢᠶ᠎ᠠ ᠪᠣᠯᠭᠠᠬᠤ ᠦᠬᠡᠢ ︶ | ᠬᠢᠨᠠᠨ ᠲᠣᠭᠳᠠᠭᠠᠯᠳᠠ ᠶᠢᠨ ᠭᠠᠵᠠᠷ᠄ ᠠᠪᠠᠭ᠎ᠠ ᠬᠤᠰᠢᠭᠤᠨ ᠤ ᠬᠢᠨᠠᠨ ᠲᠣᠭᠳᠠᠭᠠᠯᠳᠠ ᠶᠢᠨ ᠴᠡᠭ ︵ᠠᠪᠠᠭ᠎ᠠ | ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠦᠷᠢᠶᠡᠨ ᠳᠠᠬᠢ ᠵᠠᠯᠠᠭᠤᠴᠤᠳ ᠪᠠᠭᠠᠴᠤᠳ ᠤᠨ | ᠠᠵᠢᠯᠯᠠᠭᠠᠨ ᠤ ᠲᠥᠪ ᠤᠨ ᠨᠢᠭᠡᠳᠦᠭᠡᠷ ᠳᠠᠪᠬᠤᠷᠯᠢᠭ ᠤᠨ ᠪᠠᠷᠠᠭᠤᠨ ᠲᠠᠯ᠎ᠠ︶ | ᠨᠡᠷ᠎ᠡ ᠮᠡᠳᠡᠭᠦᠯᠬᠦ᠂ ᠰᠦᠢᠳᠬᠡᠯ ᠲᠤᠰᠢᠶᠠᠬᠤ᠂ ᠪᠣᠯᠪᠠᠰᠤᠷᠠᠭᠤᠯᠤᠯ ᠬᠢᠬᠦ᠂ ᠰᠢᠯᠭᠠᠬᠤ ᠵᠡᠷᠭᠡ ᠬᠤᠯᠪᠣᠭᠳᠠᠯ | ᠪᠦᠬᠦᠢ ᠤᠴᠢᠷ ᠶᠠᠪᠤᠳᠠᠯ ᠢ ᠠᠪᠠᠭ᠎ᠠ ᠬᠤᠰᠢᠭᠤᠨ ᠤ ᠲᠤᠷᠰᠢᠯᠲᠠ ᠶᠢᠨ ᠴᠡᠭ ᠤᠨ ᠠᠵᠢᠯᠲᠠᠨ ᠲᠠᠢ ᠬᠠᠷᠢᠯᠴᠠᠭᠠᠷᠠᠢ᠃ | ᠬᠠᠷᠢᠯᠴᠠᠬᠤ ᠬᠥᠮᠦᠨ᠄ ᠪᠠᠶᠠᠷᠰᠠᠶᠢᠬᠠᠨ᠂ ᠬᠠᠷᠢᠯᠴᠠᠬᠤ ᠣᠳᠠᠰᠣ ᠄ 18747937436 | ᠳᠥᠷᠪᠡ᠂ ᠠᠩᠬᠠᠷᠬᠤ ᠵᠦᠢᠯ ᠵᠢᠴᠢ ᠱᠠᠭᠠᠷᠳᠠᠯᠭ᠎ᠠ | ︵ᠨᠢᠭᠡ︶ ᠨᠡᠷ᠎ᠡ ᠮᠡᠳᠡᠭᠦᠯᠬᠦ ᠳᠡᠭᠡᠨ ᠠᠯᠪᠠᠨ ᠵᠠᠷ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠬᠢᠨᠠᠨ | ᠲᠣᠭᠳᠠᠭᠠᠯᠳᠠ ᠶᠢᠨ ᠴᠡᠭ ᠢᠶᠠᠨ ᠰᠣᠩᠭᠤᠵᠤ᠂ ᠨᠡᠷ᠎ᠡ ᠮᠡᠳᠡᠭᠦᠯᠦᠭᠰᠡᠨ ᠤ ᠳᠠᠷᠠᠭ᠎ᠠ ᠰᠢᠰᠲ᠋ᠧᠮ ᠨᠢ ᠰᠢᠯᠭᠠᠯᠲᠠ ᠶᠢᠨ | ᠴᠡᠭ ᠵᠢᠴᠢ ᠬᠠᠮᠢᠶ᠎ᠠ ᠪᠥᠬᠦᠶ ᠮᠡᠳᠡᠭᠡ ᠵᠠᠩᠭᠢ ᠳᠤ ᠵᠠᠰᠠᠪᠤᠷᠢ ᠣᠷᠣᠭᠤᠯᠬᠤ ︵ᠬᠠᠰᠤᠬᠤ︶ ᠡᠷᠬᠡ ᠥᠬᠡᠶ᠂ ᠲᠡᠬᠡᠭᠰᠢ | ᠮᠡᠳᠡᠬᠦᠯᠦᠭᠰᠡᠨ ᠮᠡᠳᠡᠭᠡ ᠵᠠᠩᠭᠢ ᠨᠢ ᠪᠤᠷᠤᠭᠤ ᠥᠬᠡᠶ ᠪᠠᠶᠢᠬᠤ ᠶᠢ ᠪᠠᠲᠤᠯᠠᠵᠤ᠂ ᠵᠢᠷᠤᠭ ᠰᠠᠬᠦᠳᠡᠷ ᠨᠢ | ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠮᠡᠳᠡᠭᠡ ᠵᠠᠩᠭᠢ ᠶᠢ ᠪᠣᠯᠭᠤᠮᠵᠢᠲᠠᠶ ᠲᠠᠭᠯᠠᠨ ᠮᠡᠳᠡᠭᠦᠯᠬᠦ ᠶᠢᠨ | ᠬᠠᠮᠲᠤ ᠰᠢᠯᠭᠠᠬᠤ ᠲᠣᠬᠢᠶᠠᠯ ᠢ ᠨᠠᠨᠳᠢᠩᠨᠠᠵᠤ᠂ ᠰᠢᠯᠭᠠᠯᠲᠠ ᠳᠤ ᠰᠠᠭᠠᠳᠠᠵᠣ ᠪᠣᠯᠬᠤ ᠦᠬᠡᠢ᠃ | ︵ᠬᠤᠶᠠᠷ︶ ᠰᠢᠯᠭᠠᠯᠲᠠ ᠳᠤ ᠣᠷᠣᠯᠴᠠᠭᠰᠠᠳ ᠲᠣᠭᠲᠠᠭᠰᠠᠨ ᠴᠠᠭ ᠤᠨ ᠳᠣᠲᠣᠷ᠎ᠠ ᠰᠦᠢᠳᠬᠡᠯ | ᠲᠤᠰᠢᠶᠠᠭᠰᠠᠨ ᠦᠭᠡᠶ᠂ ᠬᠢᠨᠠᠨ ᠲᠣᠭᠳᠠᠭᠠᠯᠳᠠ ᠳᠤ ᠣᠷᠣᠯᠴᠠᠭᠰᠠᠨ ᠦᠬᠡᠢ ᠪᠣᠯ ᠲᠤᠰ ᠤᠳᠠᠭᠠᠨ ᠤ ᠰᠢᠯᠭᠠᠯᠲᠠ ᠳᠤ | ᠡᠷᠬᠡ ᠪᠠᠨ ᠬᠠᠶᠠᠭᠰᠠᠨ ᠳᠤ ᠲᠣᠭᠠᠴᠢᠨ᠎ᠠ᠃ | ︵ᠭᠤᠷᠪᠠ︶ ᠰᠢᠯᠭᠠᠭᠤᠯᠤᠭᠴᠢ ᠰᠢᠯᠭᠠᠯᠲᠠ ᠳᠤ ᠣᠷᠣᠯᠴᠠᠬᠤ ᠳᠠᠭᠠᠨ ᠡᠷᠬᠡᠪᠰᠢ ᠪᠡᠶ᠎ᠡ ᠶᠢᠨ ᠦᠨᠡᠮᠯᠡᠯ ᠵᠢᠴᠢ | ᠰᠢᠯᠭᠠᠭᠤᠯᠬᠤ ᠵᠦᠪᠰᠢᠶᠠᠷᠠᠯ ᠤᠨ ᠬᠡᠷᠡᠴᠢ ᠪᠠᠨ ᠠᠪᠴᠤ ︵ᠰᠢᠯᠭᠠᠯᠲᠠ ᠠᠴᠠ ᠡᠮᠦᠨᠡᠬᠢ 3 ᠡᠳᠦᠷ ᠤᠨ ᠡᠮᠦᠨ᠎ᠡ | ᠥᠪᠡᠰᠦᠪᠡᠨ ᠰᠦᠯᠵᠢᠶᠡᠨ ᠳᠤ ᠭᠠᠷᠴᠤ ᠰᠢᠯᠭᠠᠯᠲᠠ ᠪᠠᠷ ᠵᠥᠪᠰᠢᠶᠡᠷᠡᠭᠰᠡᠨ ᠦᠨᠡᠮᠯᠡᠯ ᠢ ᠳᠠᠷᠤᠮᠠᠯᠯᠠᠭᠠᠷᠠᠢ᠃︶ | ᠪᠡᠶ᠎ᠡ ᠶᠢᠨ ᠭᠠᠷᠤᠯ ᠢ ᠲᠣᠳᠣᠯᠠᠬᠤ ᠠᠵᠢᠯ ᠳᠤ ᠲᠦᠬᠦᠮ ᠦᠵᠡᠬᠦᠯᠣᠨᠠ᠃ | ︵ᠲᠦᠷᠪᠡ︶ ᠰᠢᠯᠭᠠᠯᠲᠠ ᠳᠤ ᠣᠷᠣᠯᠴᠠᠭᠰᠠᠳ ᠶᠠᠪᠤᠵᠤ ᠰᠠᠭᠤᠬᠤ ᠲᠣᠬᠢᠷᠠᠭᠤᠯᠤᠯᠲᠠ ᠶᠢ ᠤᠷᠢᠳᠴᠢᠯᠠᠨ | ᠰᠠᠶᠢᠲᠤᠷ ᠬᠢᠵᠦ᠂ ᠲᠣᠭᠲᠠᠭᠰᠠᠨ ᠴᠠᠭ ᠤᠨ ᠳᠣᠲᠣᠷ᠎ᠠ ᠬᠢᠨᠠᠨ ᠲᠣᠭᠳᠠᠭᠠᠯᠳᠠ ᠶᠢᠨ ᠴᠡᠭ ᠲᠤ ᠬᠦᠷᠴᠣ | ᠰᠢᠯᠭᠠᠯᠲᠠ ᠳᠤ ᠣᠷᠤᠯᠴᠠᠭᠠᠷᠠᠢ᠃ | ᠮᠠᠨ ᠤ ᠬᠤᠰᠢᠭᠤ ᠨᠡᠶᠢᠭᠡᠮ ᠳᠤ ᠬᠠᠨᠳᠤᠭᠤᠯᠤᠨ ᠨᠡᠷ᠎ᠡ ᠮᠡᠳᠡᠭᠦᠯᠬᠦ ᠳᠡᠭᠡᠨ ᠵᠥᠪᠬᠡᠨ ᠡᠨᠡ ᠬᠦ ᠨᠢᠬᠡᠯᠨ ᠠᠷᠭ᠎ᠠ | ᠵᠠᠮ ᠢᠶᠠᠷ ᠨᠠᠷᠠ ᠮᠡᠳᠡᠬᠦᠯᠣᠨᠠ᠃ ᠰᠢᠯᠭᠠᠯᠲᠠ ᠳᠤ ᠣᠷᠣᠯᠴᠠᠭᠰᠠᠳ ᠤᠨ ᠬᠤᠪᠢ ᠬᠥᠮᠦᠨ ᠤ ᠮᠡᠳᠡᠭᠡ ᠵᠠᠩᠭᠢ ᠪᠠ ᠡᠳ᠋ | ᠬᠥᠷᠥᠩᠭᠡ ᠶᠢᠨ ᠠᠮᠤᠷ ᠲᠦᠪᠰᠢᠨ ᠢᠶᠠᠨ ᠠᠩᠬᠠᠷᠴᠤ᠂ ᠶᠠᠮᠠᠷᠪᠠ ᠪᠠᠶᠢᠭᠤᠯᠤᠮᠵᠢ ᠶᠢᠨ ︽ᠣᠷᠣᠯᠠᠨ ᠮᠡᠳᠡᠭᠦᠯᠬᠦ︾᠂ ︽ | ᠳᠠᠭᠠᠭᠠᠴᠢᠯᠠᠵᠤ ᠬᠢᠨᠠᠨ ᠲᠣᠭᠳᠠᠭᠠᠬᠤ︾ ᠵᠡᠷᠭᠡ ᠤᠬᠠᠭᠤᠯᠭ᠎ᠠ ᠳᠤ ᠬᠢᠴᠢᠶᠠᠮᠵᠢᠳᠠᠢ ᠬᠠᠨᠳᠣᠵᠣ ᠂ ᠬᠠᠭᠤᠷᠳᠠᠬᠤ ᠠᠴᠠ | ᠰᠡᠷᠬᠡᠶᠢᠯᠡᠨ᠂ ᠦᠨᠡᠨᠴᠢ ᠢᠲᠡᠭᠡᠮᠵᠢᠲᠡᠶ ᠪᠠᠷ ᠬᠢᠨᠠᠨ ᠲᠣᠭᠳᠠᠭᠠᠯᠳᠠ ᠶᠢᠨ ᠰᠢᠯᠭᠠᠯᠳᠠ ᠳᠤ ᠣᠷᠣᠯᠴᠠᠬᠤ ᠪᠣᠯᠪᠠᠣ᠃ | ᠰᠢᠯᠭᠠᠭᠤᠯᠤᠭᠴᠢ ᠶᠢᠨ ᠨᠡᠷ᠎ᠡ ᠮᠡᠳᠡᠭᠦᠯᠬᠦ ᠶᠠᠪᠤᠴᠠ ᠳᠤ ᠬᠡᠷᠪᠡ ᠠᠰᠠᠭᠤᠳᠠᠯ ᠲᠤᠯᠭᠠᠷᠠᠪᠠᠯ ︽ᠨᠡᠷ᠎ᠡ ᠮᠡᠳᠡᠭᠦᠯᠬᠦ | ᠰᠢᠰᠲ᠋ᠧᠮ︾ ᠤᠨ ᠦᠢᠯᠡᠴᠢᠯᠡᠭᠡᠨ ᠤ ᠤᠲᠠᠰᠤ 40001999 ᠠᠰᠠᠭᠤᠨ ᠯᠠᠪᠯᠠᠬᠤ ᠤᠲᠠᠰᠤ ᠳᠤ ᠣᠳᠠᠰᠣᠳᠠᠵᠣ | ᠬᠠᠷᠢᠯᠴᠠᠭᠠᠷᠠᠢ᠃ ᠠᠪᠠᠭ᠎ᠠ ᠬᠤᠰᠢᠭᠤᠨ ᠤ ᠬᠢᠨᠠᠨ ᠲᠣᠭᠳᠠᠭᠠᠯᠳᠠ ᠶᠢᠨ ᠴᠡᠭ ᠤᠨ ᠠᠰᠠᠭᠤᠨ ᠯᠠᠪᠯᠠᠬᠤ ᠣᠳᠠᠰᠣ᠄ | 18747937436᠂ ᠪᠤᠰᠤᠳ ᠬᠦᠢᠴᠡᠳ ᠣᠶᠢᠯᠠᠭᠠᠬᠤ ᠦᠬᠡᠢ ᠵᠦᠢᠯᠡᠰ ᠪᠠᠶᠢᠪᠠᠯ᠂ ᠰᠢᠯᠭᠠᠯᠲᠠ ᠳᠤ | ᠣᠷᠣᠯᠴᠠᠭᠰᠠᠳ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠰᠢᠯᠭᠠᠯᠲᠠ ᠶᠢᠨ ᠴᠡᠭ ᠲᠠᠢ ᠬᠠᠷᠢᠯᠴᠠᠵᠤ᠂ | ᠰᠢᠯᠭᠠᠯᠲᠠ ᠶᠢᠨ ᠴᠡᠭ ᠤᠨ ᠠᠵᠢᠯ ᠤᠨ ᠲᠣᠬᠢᠷᠠᠭᠤᠯᠤᠯᠲᠠ ᠠᠴᠠ ᠵᠦᠷᠢᠴᠡᠬᠦ ᠠᠴᠠ ᠬᠢᠴᠢᠶᠠᠬᠡᠷᠠᠢ᠃ | 2024 ᠣᠨ ᠤ 3 ᠰᠠᠷ᠎ᠠ ᠶᠢᠨ 18 ᠤ ᠡᠳᠦᠷ |