ᠠᠪᠠᠭ᠎ᠠ ᠬᠤᠰᠢᠭᠤ 2024 ᠣᠨ ᠤ ︽ᠭᠤᠷᠪᠠ ᠶᠢ ᠣᠷᠢᠳᠴᠢᠯᠠᠬᠤ︾ ᠬᠠᠪᠤᠷ ᠤᠨ ᠤᠯᠠᠷᠢᠯ ᠤᠨ ᠨᠣᠳᠤᠭ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠡᠳᠬᠡᠯ ᠠᠵᠢᠯ ᠢᠶᠠᠨ ᠰᠠᠶᠢᠲᠤᠷ ᠬᠢᠵᠦ ᠪᠣᠢ
ᠨᠡᠶᠢᠲᠡᠯᠡᠭᠰᠡᠨ ᠴᠠᠭ᠄
2024/4/10
     ᠠᠪᠠᠭ᠎ᠠ ᠬᠤᠰᠢᠭᠤ 2024 ᠣᠨ ᠤ ︽ᠭᠤᠷᠪᠠ ᠶᠢ ᠣᠷᠢᠳᠴᠢᠯᠠᠬᠤ︾ ᠬᠠᠪᠤᠷ ᠤᠨ ᠤᠯᠠᠷᠢᠯ ᠤᠨ ᠨᠣᠳᠤᠭ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠤ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠡᠳᠬᠡᠯ ᠠᠵᠢᠯ ᠢᠶᠠᠨ ᠯᠠᠪᠳᠠᠭᠤᠨ ᠪᠠᠲᠤᠲᠠᠢ ᠬᠢᠵᠦ ᠪᠣᠢ᠃      ᠨᠢᠭᠡ ᠳᠤ᠂ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠤᠷᠢᠳᠴᠢᠯᠠᠨ ᠰᠠᠶᠢᠲᠤᠷ ᠬᠢᠪᠡ᠃ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠥᠬᠦ ᠬᠤᠰᠢᠭᠤᠨ ᠤ ᠬᠡᠪᠴᠢᠶᠡᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠠᠯᠪᠠᠨ ᠵᠠᠷ ︵ᠬᠢᠲᠠᠳ ᠮᠣᠩᠭᠤᠯ ᠪᠢᠴᠢᠭ︶ ᠨᠡᠶᠢᠲᠡᠯᠡᠵᠦ᠂ ᠪᠡᠯᠴᠢᠭᠡᠷᠯᠡᠭᠦᠯᠬᠦ ᠶᠢ ᠵᠣᠭᠰᠤᠭᠠᠬᠤ ᠴᠠᠭ ᠤᠨ ᠬᠢᠵᠠᠭᠠᠷ᠂ ᠬᠡᠪᠴᠢᠶ᠎ᠡ᠂ ᠨᠥᠬᠦᠪᠦᠷᠢ ᠶᠢᠨ ᠪᠠᠷᠢᠮᠵᠢᠶ᠎ᠠ᠂ ᠬᠠᠷᠢᠭᠤᠴᠠᠯᠭ᠎ᠠ ᠶᠢᠨ ᠬᠤᠪᠢᠶᠠᠷᠢᠯᠠᠯ ᠵᠢᠴᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠶᠢᠯᠠᠬᠤ ᠶᠢᠨ ᠬᠠᠮᠲᠤ᠂ 71 ᠭᠠᠴᠠᠭ᠎ᠠ ᠲᠠᠢ ᠪᠡᠯᠴᠢᠭᠡᠷᠯᠡᠭᠦᠯᠬᠦ ᠶᠢ ᠵᠣᠭᠰᠤᠭᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ 2 ᠲᠦᠮᠡ ᠭᠠᠷᠤᠢ ᠬᠤᠪᠢ ᠤᠬᠠᠭᠤᠯᠭ᠎ᠠ ᠶᠢᠨ ᠳᠡᠪᠲᠡᠷ ᠲᠠᠷᠬᠠᠭᠠᠪᠠ᠃      ᠬᠤᠶᠠᠷ ᠲᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠤᠷᠢᠳᠴᠢᠯᠠᠨ ᠲᠣᠬᠢᠷᠠᠭᠤᠯᠤᠨ ᠪᠠᠶᠢᠷᠢᠯᠠᠭᠤᠯᠪᠠ᠃ ᠬᠠᠪᠤᠷ ᠤᠨ ᠤᠯᠠᠷᠢᠯ ᠤᠨ ᠸᠠᠺᠼᠢᠨ ᠤ ᠲᠠᠷᠢᠯᠭ᠎ᠠ ᠶᠢ ᠤᠷᠢᠳᠴᠢᠯᠠᠨ  ᠲᠠᠷᠬᠠᠭᠠᠵᠤ᠂ ᠣᠲᠣ ᠪᠣᠯᠲᠠᠯ᠎ᠠ᠂ ᠮᠠᠯᠴᠢᠳ ᠲᠤ ᠨᠡᠶᠢᠲᠡ 31510 ᠬᠤᠪᠢ ᠬᠤᠨᠢᠨ ᠤ ᠭᠤᠷᠪᠠ ᠶᠢ ᠬᠠᠮᠳᠤᠳᠬᠠᠬᠰᠠᠨ ᠸᠠᠺᠼᠢᠨ ᠤ ᠲᠠᠷᠢᠯᠭ᠎ᠠ᠂ ᠦᠬᠡᠷ ᠤᠨ ᠪᠣᠭᠤᠮ᠎ᠠ ᠡᠪᠡᠳᠴᠢᠨ ᠤ ᠰᠫᠣᠷᠲᠦ ᠸᠠᠺᠼᠢᠨ ᠤ ᠲᠠᠷᠢᠯᠭ᠎ᠠ 1544  ᠮᠢᠯᠢᠯᠢᠲᠷ᠂ ᠦᠬᠡᠷ ᠤᠨ ᠬᠡᠢ ᠶᠢᠨ ᠬᠠᠪᠤᠳᠠᠷ ᠢ ᠦᠭᠡᠶᠢᠳᠡᠭᠦᠯᠬᠦ ᠸᠠᠺᠼᠢᠨ ᠤ ᠲᠠᠷᠢᠯᠭ᠎ᠠ 1405 ᠮᠢᠯᠢᠯᠢᠲᠷ ᠲᠠᠷᠬᠠᠭᠠᠵᠤ᠂ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠤ ᠠᠮᠢᠲᠠᠨ ᠤ ᠬᠢᠵᠢᠭ ᠡᠪᠡᠳᠴᠢᠨ ᠢ ᠪᠦᠲᠦᠮᠵᠢᠲᠡᠶ ᠰᠡᠷᠭᠡᠶᠢᠯᠡᠨ ᠵᠠᠰᠠᠬᠤ ᠶᠢ  ᠦᠨᠡᠨᠬᠦ ᠪᠠᠲᠤᠯᠠᠪᠠ᠃      ᠭᠤᠷᠪᠠ ᠳᠤ᠂ ᠡᠪᠡᠰᠦ ᠪᠣᠷᠳᠤᠭ᠎ᠠ ᠶᠢ ᠤᠷᠢᠳᠴᠢᠯᠠᠨ ᠭᠦᠢᠴᠡᠳ ᠪᠡᠯᠡᠳᠬᠡᠵᠦ ᠮᠠᠯᠴᠢᠳ ᠤᠨ ᠮᠠᠯᠵᠢᠬᠤ ᠦᠢᠯᠡᠳᠪᠦᠷᠢᠯᠡᠯ ᠤᠨ ᠬᠡᠷᠡᠭᠴᠡᠭᠡ ᠶᠢ ᠪᠠᠲᠤᠯᠠᠪᠠ᠃ ᠪᠥᠬᠦ ᠬᠤᠰᠢᠭᠤᠨ ᠳᠤ 12 ᠴᠡᠭ ᠲᠤ ᠬᠤᠯᠢᠮᠠᠭ ᠪᠤᠷᠳᠤᠭ᠎ᠠ ᠦᠢᠯᠡᠳᠪᠦᠷᠢᠯᠡᠵᠦ ᠡᠳ᠋ᠰᠢᠭᠦᠯᠦᠨ ᠪᠣᠷᠣᠯᠠᠭᠤᠯᠬᠤ ᠦᠢᠯᠡᠳᠪᠦᠷᠢ ᠪᠠᠶᠢᠭᠤᠯᠵᠤ᠂ 2023 ᠣᠨ ᠳᠤ 2.15 ᠲᠦᠮᠡᠨ ᠲᠣᠨ ᠪᠠᠴᠢᠮ ᠪᠠᠶᠢᠳᠠᠯ ᠢ ᠠᠷᠭᠠᠴᠠᠬᠤ ᠡᠪᠡᠰᠦ ᠪᠣᠷᠳᠤᠭ᠎ᠠ ᠶᠢ ᠨᠦᠭᠡᠴᠡᠯᠡᠨ᠂ ᠲᠣᠰ ᠲᠣᠰ ᠵᠠᠬ᠎ᠠ ᠳᠡᠯᠭᠡᠭᠦᠷ ᠤᠨ ᠦᠨ᠎ᠡ ᠠᠴᠠ 300 ︱ 500 ᠲᠥᠭᠦᠷᠢᠭ\ ᠲᠣᠨ᠂ 100 ︱ 200 ᠲᠥᠭᠦᠷᠢᠭ\ ᠲᠣᠨ᠂ 200 ᠲᠥᠭᠦᠷᠢᠭ\ ᠲᠣᠨ ᠤᠨ ᠲᠤᠤᠷ᠎ᠠ ᠦᠨ᠎ᠡ ᠬᠠᠩᠰᠢ ᠪᠠᠷ 7995 ᠲᠣᠨ ᠬᠥᠬᠡ ᠬᠠᠭᠤᠷᠠᠢ ᠡᠪᠡᠰᠦ᠂ 3340 ᠲᠣᠨ ᠨᠣᠭᠤᠭᠠᠨ ᠳᠠᠷᠤᠰᠢ᠂ 8344 ᠲᠣᠨ ᠬᠤᠯᠢᠮᠠᠭ ᠪᠤᠷᠳᠤᠭ᠎ᠠ ᠶᠢ ᠬᠤᠳᠠᠯᠳᠤᠨ᠂ ᠮᠠᠯᠴᠢᠳ ᠤᠨ ᠦᠪᠡᠷ ᠤᠨ ᠥᠷᠲᠡᠭ ᠢ ᠨᠡᠶᠢᠲᠡ 600 ᠭᠠᠷᠤᠢ ᠲᠦᠮᠡᠨ ᠲᠦᠭᠦᠷᠢᠭ ᠠᠷᠪᠢᠯᠠᠵᠤ ᠥᠭᠴᠡᠢ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号