ᠠᠪᠠᠭ᠎ᠠ ᠬᠤᠰᠢᠭᠤᠨ ᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠬᠡᠪᠡᠷ ᠬᠡᠷᠡᠭᠯᠡᠨ ᠢᠳᠡᠭᠡᠨ ᠤ ᠠᠮᠤᠷ ᠲᠦᠪᠰᠢᠨ ᠤ ︽ᠳᠥᠷᠪᠡᠨ ᠪᠣᠭᠤᠮᠲᠠ︾᠎ ᠶᠢ ᠰᠠᠶᠢᠲᠤᠷ ᠠᠳᠬᠤᠨ᠎ᠠ
ᠨᠡᠶᠢᠲᠡᠯᠡᠭᠰᠡᠨ ᠴᠠᠭ᠄
2024/4/12
     ᠠᠪᠠᠭ᠎ᠠ ᠬᠤᠰᠢᠭᠤ ︽ᠭᠤᠷᠪᠠᠨ ᠪᠣᠭᠤᠮᠲᠠ︾᠎ ᠶᠢ ᠰᠠᠶᠢᠲᠤᠷ ᠠᠳᠬᠤᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃ ᠨᠢᠭᠡ ᠳᠤ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠣᠶᠤᠨᠴᠢ ᠬᠢᠨᠠᠨ ᠬᠠᠮᠢᠶᠠᠷᠤᠯᠲᠠ ᠶᠢᠨ ᠰᠢᠰᠲ᠋ᠧᠮ ᠪᠠ ᠰᠢᠯᠢ ᠶᠢᠨ ᠭᠤᠣᠯ ᠤᠨ ᠰᠡᠷᠭᠡᠶᠢᠯᠡᠨ ᠡᠵᠡᠮᠳᠡᠬᠦ ᠲᠠᠪᠴᠠᠩ ᠳᠤ ᠣᠷᠣᠭᠤᠯᠤᠭᠰᠠᠨ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠤᠨ ᠬᠢᠨᠠᠠ ᠪᠠᠶᠢᠴᠠᠭᠠᠯᠲᠠ ᠶᠢᠨ ᠨᠣᠷᠮ᠎ᠠ ᠪᠠ ᠠᠵᠤ ᠠᠬᠤᠶᠢᠯᠠᠯ ᠤᠨ ᠥᠪᠡᠷ ᠤᠨ ᠪᠠᠶᠢᠴᠠᠭᠠᠯᠲᠠ ᠶᠢᠨ ᠨᠣᠷᠮ᠎ᠠ ᠴᠥᠮ 100%᠎ ᠳᠤ ᠬᠥᠷᠪᠡ᠃ ᠨᠢᠭᠡᠳᠦᠭᠡᠷ ᠤᠯᠠᠷᠢᠯ ᠳᠤ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ᠂ ︽ᠵᠢᠵᠢᠭ ᠬᠤᠭᠤᠯᠠᠨ ᠰᠢᠷᠡᠭᠡ︾ ᠪᠣᠯᠣᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠢ 15 ᠤᠳᠠᠭ᠎ᠠ ᠠᠬᠤᠢ ᠲᠠᠯᠠᠪᠤᠷ ᠲᠤᠨᠢ ᠬᠢᠨᠠᠨ ᠪᠠᠶᠢᠴᠠᠭᠠᠪᠠ᠃ ᠬᠤᠶᠠᠷ ᠲᠤ᠂ ᠢᠳᠡᠭᠡᠨ ᠤ ᠡᠵᠡᠩᠨᠡᠯᠲᠡ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠪᠣᠭᠤᠮᠲᠠ ᠶᠢ ᠰᠠᠶᠢᠲᠤᠷ ᠠᠳᠬᠤᠪᠠ᠃ ᠨᠢᠭᠡᠳᠦᠭᠡᠷ ᠤᠯᠠᠷᠢᠯ ᠳᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 1200 ᠭᠠᠷᠤᠢ ᠬᠥᠮᠥᠨ ᠤᠳᠠᠭ᠎ᠠ ᠲᠤᠮᠢᠯᠠᠵᠤ᠂ ᠡᠯ᠎ᠡ ᠲᠥᠷᠥᠯ ᠤᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ 400 ᠡᠷᠦᠬᠡ ᠤᠳᠠᠭ᠎ᠠ ᠪᠠᠶᠢᠴᠠᠭᠠᠵᠤ᠂ ᠠᠬᠤᠢ ᠲᠠᠯᠠᠪᠤᠷ ᠲᠤ 5 ᠤᠳᠠᠭ᠎ᠠ ᠵᠠᠰᠠᠭ ᠵᠠᠬᠢᠷᠭᠠᠨ ᠤ ᠰᠢᠳᠬᠡᠯ ᠥᠭᠪᠡ᠂ ᠡᠭᠦᠨ ᠳᠤ ᠢᠳᠡᠭᠡᠨ ᠤ ᠠᠮᠤᠷ ᠲᠦᠪᠰᠢᠨ ᠤ ᠬᠠᠤᠯᠢ ᠵᠥᠷᠢᠴᠡᠭᠰᠡᠨ ᠬᠡᠷᠡᠭ ᠢ 1 ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠵᠦ᠂ 0.3 ᠲᠦᠮᠡᠨ ᠲᠥᠭᠦᠷᠢᠭ ᠤᠨ ᠵᠠᠰᠠᠭ ᠵᠠᠬᠢᠷᠭᠠᠨ ᠤ ᠰᠢᠳᠬᠡᠯ ᠥᠭᠪᠡ᠃ ᠭᠤᠷᠪᠠ ᠳᠤ᠂ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠪᠠᠶᠢᠴᠠᠭᠠᠬᠤ ᠪᠣᠭᠤᠮᠲᠠ ᠶᠢ ᠰᠠᠶᠢᠲᠤᠷ  ᠡᠵᠡᠮᠳᠡᠪᠠ᠃ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠨ ᠬᠡᠷᠡᠭᠯᠡᠬᠦ ᠨᠢᠭᠡᠴᠡ ᠪᠠ ᠵᠠᠰᠠᠯ ᠴᠢᠮᠡᠭᠯᠡᠯ ᠤᠨ ᠡᠳ᠋ ᠢ ᠡᠵᠡᠩᠨᠡᠨ ᠬᠡᠷᠡᠭᠯᠡᠬᠦ ᠨᠢᠭᠡᠴᠡ 62 ᠤᠳᠠᠭ᠎ᠠ ᠬᠢᠨᠠᠨ ᠪᠠᠶᠢᠴᠠᠭᠠᠵᠤ᠂ ᠵᠠᠷᠯᠢᠭᠳᠠᠨ ᠵᠠᠯᠠᠷᠠᠭᠤᠯᠤᠭᠤᠯᠬᠤ ᠮᠡᠳᠡᠭᠳᠡᠯ ᠤᠨ ᠪᠢᠴᠢᠭ 1 ᠬᠤᠪᠢ ᠪᠠᠭᠤᠯᠭᠠᠪᠠ᠃ ︽ᠬᠤᠤᠰ ᠲᠤᠭᠳᠠᠮᠠᠯ ᠪᠤᠰᠤ᠂ ᠨᠢᠭᠡ ᠶᠢ ᠢᠯᠡ ᠨᠠᠶᠢᠳᠠᠯᠠᠬᠦ︾ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠡᠮ ᠤᠨ ᠵᠦᠢᠯ ᠪᠠ ᠭᠤᠸᠠᠵᠢᠯ ᠤᠨ ᠡᠳ᠋ ᠢ ᠡᠵᠡᠩᠨᠡᠨ ᠬᠡᠷᠡᠭᠯᠡᠵᠦ ᠪᠠᠶᠢᠭ᠎ᠠ ᠨᠢᠭᠡᠴᠡ ᠶᠢ 13 ᠡᠷᠦᠬᠡ ᠤᠳᠠᠭ᠎ᠠ ᠪᠠᠶᠢᠴᠠᠭᠠᠪᠠ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号