ᠠᠪᠠᠭ᠎ᠠ ᠬᠤᠰᠢᠭᠤ 71 ᠨᠡᠷᠡᠰ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾᠎ ᠶᠢ ᠤᠷᠢᠨ ᠲᠣᠮᠢᠯᠠᠵᠤ᠂ ᠮᠥᠩᠭᠦᠨ ᠭᠦᠢᠯᠭᠡᠭᠡᠨ ᠢᠶᠠᠷ ᠮᠠᠯᠴᠢᠳ ᠢ ᠲᠠᠮᠵᠢᠵᠤ᠂ ᠠᠰᠢᠭ ᠬᠦᠷᠳᠡᠬᠡᠵᠤ ᠪᠤᠢ
ᠨᠡᠶᠢᠲᠡᠯᠡᠭᠰᠡᠨ ᠴᠠᠭ᠄
2024/4/12
     ᠠᠪᠠᠭ᠎ᠠ ᠬᠤᠰᠢᠭᠤ 71 ᠨᠡᠷᠡᠰ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾᠎ ᠶᠢ ᠤᠷᠢᠨ ᠲᠣᠮᠢᠯᠠᠵᠤ᠂ ᠮᠥᠩᠭᠦᠨ ᠭᠦᠢᠯᠭᠡᠭᠡᠨ ᠢᠶᠠᠷ ᠮᠠᠯᠴᠢᠳ ᠢ ᠳᠡᠮᠵᠢᠵᠦ ᠮᠠᠯᠴᠢᠳ ᠲᠤ ᠠᠰᠢᠭ ᠬᠦᠷᠲᠡᠭᠡᠬᠦ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠪᠡ᠃ 4 ᠰᠠᠷ᠎ᠠ ᠶᠢᠨ 3᠎ ᠤ ᠡᠳᠦᠷ᠂ ᠠᠪᠠᠭ᠎ᠠ ᠬᠤᠰᠢᠭᠤ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾᠎ ᠶᠢ ᠤᠷᠢᠨ ᠲᠣᠮᠢᠯᠠᠬᠤ ᠶᠣᠰᠣᠯᠠᠯ ᠶᠠᠪᠤᠭᠤᠯᠵᠤ᠂ ᠡᠯ᠎ᠡ ᠭᠠᠴᠠᠭᠠᠨ ᠤ ︽ᠬᠤᠶᠠᠷ ᠵᠥᠪᠯᠡᠯ︾᠎ ᠤᠨ 71 ᠬᠠᠷᠢᠭᠤᠴᠠᠯᠭᠠᠲᠠᠨ ᠢ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾᠎ ᠪᠠᠷ ᠤᠷᠢᠨ ᠲᠣᠮᠢᠯᠠᠵᠤ᠂ ᠨᠢᠭᠡ ᠪᠦᠯᠦᠭ ᠲᠥᠷᠥ ᠶᠢᠨ ᠪᠣᠳᠣᠯᠭ᠎ᠠ ᠶᠢ ᠮᠡᠳᠡᠬᠦ᠂ ᠮᠥᠩᠭᠦᠨ ᠭᠦᠢᠯᠭᠡᠭᠡ ᠶᠢ ᠮᠡᠳᠡᠬᠦ᠂ ᠮᠠᠯ ᠠᠵᠤ ᠠᠬᠤᠢ ᠶᠢ ᠬᠠᠶᠢᠷᠠᠯᠠᠬᠤ᠂ ᠦᠢᠯᠡᠴᠢᠯᠡᠭᠡᠨ ᠤ ᠴᠢᠳᠠᠪᠤᠷᠢ ᠲᠠᠢ ᠮᠠᠯᠵᠢᠬᠤ ᠣᠷᠣᠨ ᠤ ᠮᠥᠩᠭᠦᠨ ᠭᠦᠢᠯᠭᠡᠭᠡᠨ ᠤ ᠬᠠᠮ ᠵᠥᠪᠯᠡᠭᠴᠢ ᠪᠣᠯᠭᠠᠨ ᠬᠥᠮᠥᠵᠢᠭᠦᠯᠵᠦ᠂ ᠵᠠᠰᠠᠭ ᠤᠨ ᠣᠷᠳᠣᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠤᠯᠪᠣᠭᠰᠠᠨ ︽ᠬᠥᠭᠦᠷᠭᠡ ᠬᠤᠯᠪᠣᠭᠠᠰᠤ︾ ᠪᠣᠯᠤᠭᠰᠠᠨ ᠤ ᠬᠤᠪᠢ ᠳᠤ᠂ ᠮᠠᠯᠵᠢᠬᠤ ᠣᠷᠣᠨ ᠤ ᠬᠥᠭᠵᠢᠯᠲᠡ ᠳᠤ ᠴᠢᠳᠠᠪᠤᠷᠢᠲᠠᠨ ᠲᠤᠳᠠᠮᠠᠭ᠂ ᠠᠵᠤ ᠦᠢᠯᠡᠰ ᠤᠨ ᠲᠠᠰ ᠳᠠᠪᠰᠢᠵᠤ ᠪᠡᠯᠡ ᠲᠣᠬᠢᠷᠠᠭᠤᠯᠬᠤ ᠳᠤ ᠬᠦᠴᠢᠷ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢᠪᠴᠤᠤ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠭᠠᠴᠠᠭᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠠᠷᠢᠮᠵᠢᠶᠠᠵᠢᠯᠳᠠ᠂ ᠦᠷ᠎ᠡ ᠪᠦᠳᠤᠮᠵᠢᠯᠳᠠ ᠶᠢ ᠪᠡᠶᠡᠯᠡᠭᠦᠯᠵᠦ᠂ ᠮᠥᠩᠭᠦᠨ ᠭᠦᠢᠯᠭᠡᠭᠡᠨ ᠢᠶᠠᠷ ᠮᠠᠯᠴᠢᠳ ᠢ ᠳᠡᠮᠵᠢᠵᠦ ᠮᠠᠯᠴᠢᠳ ᠲᠤ ᠠᠰᠢᠭ ᠬᠦᠷᠲᠡᠭᠡᠬᠦ ︽ᠡᠴᠦᠰ ᠤᠨ ᠨᠢᠭᠡ ᠺᠢᠯᠣᠮᠧᠲᠷ︾᠎ ᠢ ᠰᠠᠶᠢᠳᠤᠷ ᠨᠡᠪᠲᠡᠷᠡᠭᠦᠯᠵᠤ ᠪᠤᠢ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号