ᠠᠪᠠᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠭᠳᠠᠮᠠᠯ ᠬᠡᠯᠪᠡᠷᠢ ᠶᠢᠨ ᠬᠢᠮᠡᠯ ᠰᠢᠳᠦ ᠵᠡᠷᠭᠡ ᠠᠮᠠᠨ ᠬᠥᠨᠳᠡᠢ ᠶᠢᠨ ᠰᠠᠯᠠᠭᠠᠨ ᠤ ᠮᠠᠲ᠋ᠧᠷᠢᠶᠠᠯ ᠤᠨ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/12
     ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠲᠣᠭᠲᠠᠮᠠᠯ ᠬᠡᠯᠪᠡᠷᠢ ᠶᠢᠨ ᠬᠢᠮᠡᠯ ᠰᠢᠳᠦ ᠵᠡᠷᠭᠡ ᠠᠮᠠᠨ ᠬᠥᠨᠳᠡᠢ ᠶᠢᠨ ᠰᠠᠯᠠᠭᠠᠨ ᠤ ᠮᠠᠲ᠋ᠧᠷᠢᠶᠠᠯ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠠ᠂ ᠣᠯᠠᠨ ᠲᠦᠮᠡᠨ ᠤ ᠡᠮ ᠪᠠ ᠪᠠᠭᠠᠵᠢ ᠬᠡᠷᠡᠭᠰᠡᠯ ᠤᠨ ᠬᠡᠷᠡᠭᠯᠡᠬᠡᠨ ᠤ ᠠᠮᠣᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠬᠤ ᠶᠢᠨ ᠲᠣᠰᠠᠳᠠ᠂ ᠣᠶᠢᠷ᠎ᠠ ᠳᠤ᠂ ᠠᠪᠠᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠭᠳᠠᠮᠠᠯ ᠬᠡᠯᠪᠡᠷᠢ ᠶᠢᠨ ᠬᠢᠮᠡᠯ ᠰᠢᠳᠦ ᠵᠡᠷᠭᠡ ᠠᠮᠠᠨ ᠬᠥᠨᠳᠡᠢ ᠶᠢᠨ ᠰᠠᠯᠠᠭᠠᠨ ᠤ ᠮᠠᠲ᠋ᠧᠷᠢᠶᠠᠯ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃      ᠨᠢᠭᠡ ᠳᠤ᠂ ᠰᠢᠳᠦ ᠭᠤᠶᠣᠯᠠᠵᠤ᠂ ᠰᠢᠳᠣ ᠬᠢᠬᠦ ᠪᠠᠶᠢᠭᠤᠯᠤᠮᠵᠢ ᠶᠢᠨ ᠬᠡᠷᠡᠭᠯᠡᠵᠦ ᠪᠠᠶᠢᠭ᠎ᠠ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠢ ᠬᠠᠤᠯᠢ ᠶᠣᠰᠣᠨ ᠤ ᠠᠵᠤ ᠠᠬᠤᠶᠢᠯᠠᠯ  ᠎ ᠠᠴᠠ ᠬᠤᠳᠠᠯᠳᠤᠨ ᠠᠪᠤᠭᠰᠠᠨ ᠡᠰᠡᠬᠦ᠂ ᠬᠤᠳᠠᠯᠳᠤᠨ ᠠᠪᠤᠭᠰᠠᠨ ᠪᠠᠷᠢᠮᠲᠠ ᠶᠢ ᠬᠠᠳᠠᠭᠠᠯᠠᠭᠰᠠᠨ ᠡᠰᠡᠬᠦ᠂ ᠡᠵᠡᠩᠨᠡᠯᠲᠡ ᠶᠢᠨ ᠬᠢᠷᠢ ᠬᠡᠮ ᠢ ᠨᠡᠬᠡᠨ ᠠᠪᠬᠤ ᠶᠢᠨ ᠬᠠᠮᠲᠤ ᠪᠠᠷᠠᠭ᠎ᠠ ᠬᠠᠩᠭᠠᠬᠤ ᠲᠠᠯ᠎ᠠ ᠶᠢᠨ ᠪᠦᠷᠢᠨ ᠪᠦᠲᠦᠨ ᠲᠠᠩᠰᠠ ᠡᠪᠬᠡᠮᠡᠯ ᠪᠠᠶᠢᠬᠤ ᠡᠰᠡᠬᠦ ᠶᠢ ᠴᠢᠩᠭ᠎ᠠ  ᠪᠠᠶᠢᠴᠠᠭᠠᠪᠠ᠃      ᠬᠤᠶᠠᠷ ᠲᠤ᠂ ᠡᠮᠴᠢᠯᠡᠭᠡᠨ ᠤ ᠪᠠᠶᠢᠭᠤᠯᠤᠮᠵᠢ ᠶᠢᠨ ᠠᠮᠠᠨ ᠬᠥᠨᠳᠡᠢ ᠶᠢᠨ ᠰᠠᠯᠠᠭ᠎ᠠ ᠨᠢ ᠳᠠᠩᠰᠠᠯᠠᠭᠤᠯᠤᠭᠰᠠᠨ ᠦᠭᠡᠢ᠂ ᠬᠢᠷᠢ ᠲᠡᠩᠴᠡᠭᠰᠡᠨ ᠭᠡᠷᠡᠴᠢ ᠦᠭᠡᠢ᠂ ᠬᠤᠭᠤᠴᠠᠭ᠎ᠠ ᠨᠢ ᠥᠩᠭᠡᠷᠡᠭᠡᠳ ᠦᠢᠯᠡᠳᠦᠯ ᠢᠶᠠᠨ ᠠᠯᠳᠠᠭᠰᠠᠨ᠂ ᠰᠢᠭᠰᠢᠭᠳᠡᠭᠰᠡᠨ ᠡᠮᠴᠢᠯᠡᠭᠡᠨ ᠤ ᠪᠠᠭᠠᠵᠢ ᠬᠡᠷᠡᠭᠰᠡᠯ ᠢ ᠬᠡᠷᠡᠭᠯᠡᠭᠰᠡᠨ ᠡᠰᠡᠬᠦ ᠳᠤ ᠪᠠᠶᠢᠴᠠᠭᠠᠯᠳᠠ ᠬᠢᠪᠠ᠃      ᠭᠤᠷᠪᠠ ᠳᠤ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠬᠠᠳᠠᠭᠠᠯᠠᠯᠲᠠ ᠶᠢᠨ ᠣᠷᠴᠢᠨ ᠨᠥᠬᠦᠴᠡᠯ ᠨᠢ ᠲᠣᠭᠲᠠᠭᠠᠯ ᠳᠤ ᠨᠡᠶᠢᠴᠡᠬᠦ ᠡᠰᠡᠬᠦ ᠶᠢ  ᠪᠠᠶᠢᠴᠠᠭᠠᠪᠠ᠃ ᠳᠥᠷᠪᠡ ᠳᠤ᠂ ᠬᠤᠳᠠᠯ ᠬᠠᠭᠤᠷᠮᠠᠭ ᠵᠠᠷ᠂ ᠤᠬᠠᠭᠤᠯᠭ᠎ᠠ ᠶᠢᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃ ᠪᠠᠶᠢᠴᠠᠭᠠᠯᠳᠠ ᠶᠢᠨ ᠶᠠᠪᠣᠴᠨ ᠳᠤ᠂ ᠬᠠᠤᠯᠢ ᠬᠡᠷᠡᠭᠵᠢᠭᠦᠯᠬᠦ ᠠᠵᠢᠯᠲᠠᠨ  ᠎ ᠠᠴᠠ ᠠᠵᠢᠯᠯᠠᠵᠤ ᠪᠠᠶᠢᠭ᠎ᠠ ᠬᠥᠮᠥᠰ ᠢ ᠲᠣᠰ ᠪᠡᠶ᠎ᠡ ᠶᠢᠨ ᠡᠵᠡᠩᠨᠡᠯᠲᠡ ᠬᠡᠷᠡᠭᠯᠡᠯᠲᠡ ᠶᠢᠨ ᠦᠶᠯᠡ ᠠᠵᠢᠯᠯᠠᠭ᠎ᠠ ᠪᠠᠨ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠪᠣᠳᠠᠲᠠᠶᠢᠵᠢᠭᠤᠯᠬᠤ ᠶᠢ ᠱᠠᠭᠠᠷᠳᠠᠪᠠ᠃ ᠪᠠᠶᠢᠴᠠᠭᠠᠯᠲᠠ ᠶᠢᠨ ᠳᠤᠮᠳᠠ ᠪᠠᠷᠠᠭ᠎ᠠ ᠬᠠᠩᠭᠠᠬᠤ ᠬᠤᠳᠠᠯᠳᠤᠭᠠᠴᠢᠨ ᠤ ᠮᠠᠲ᠋ᠧᠷᠢᠶᠠᠯ ᠪᠦᠷᠢᠨ ᠪᠤᠰᠤ ᠪᠠᠶᠢᠬᠤ ᠵᠡᠷᠭᠡ ᠠᠰᠠᠭᠤᠳᠠᠯ ᠳᠤ ᠬᠠᠨᠳᠣᠭᠤᠯᠣᠨ᠂ ᠬᠠᠤᠯᠢ ᠬᠡᠷᠡᠭᠵᠢᠭᠦᠯᠬᠦ ᠠᠵᠢᠯᠲᠠᠨ ᠠᠴᠠ ᠳᠠᠷᠤᠢ ᠳᠤᠨᠢ ᠵᠠᠷᠯᠢᠭᠳᠠᠨ ᠵᠠᠯᠠᠷᠠᠭᠤᠯᠵᠣ᠂ ᠴᠡᠭᠴᠡᠯᠡᠨ ᠰᠠᠶᠢᠵᠢᠷᠠᠭᠤᠯᠪᠠ᠃      ᠲᠣᠰ ᠣᠳᠠᠭ᠎ᠠ ᠨᠡᠶᠢᠲᠡ 6 ᠰᠢᠳᠣ ᠬᠢᠬᠦ ᠪᠠᠶᠢᠭᠤᠯᠣᠮᠵᠢ᠂ 2 ᠡᠮᠴᠢᠯᠡᠭᠡᠨ ᠤ ᠪᠠᠶᠢᠭᠤᠯᠤᠮᠵᠢ ᠶᠢᠨ ᠠᠮᠠᠨ ᠬᠥᠨᠳᠡᠢ ᠶᠢᠨ ᠰᠠᠯᠠᠭᠠᠨ ᠳᠤ ᠪᠠᠶᠢᠴᠠᠭᠠᠯᠲᠠ ᠬᠢᠪᠡ᠃ ᠲᠠᠷᠠᠭᠠᠴᠢ ᠶᠢᠨ ᠠᠯᠬᠤᠮ ᠳᠤ᠂ ᠲᠣᠰ ᠲᠣᠪᠴᠢᠶ᠎ᠠ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠬᠤ ᠶᠢᠨ ᠬᠠᠮᠲᠤ ︽ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠳᠦᠷᠢᠮ︾᠂ ︽ᠡᠮᠴᠢᠯᠡᠭᠡᠨ ᠤ ᠪᠠᠭᠠᠵᠢ ᠬᠡᠷᠡᠭᠰᠡᠯ ᠤᠨ ᠬᠡᠷᠡᠭᠯᠡᠯᠲᠡ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠤᠷᠢᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ᠡᠵᠡᠩᠨᠡᠯᠳᠠ ᠶᠢᠨ ᠨᠢᠭᠡᠴᠡ ᠪᠠ ᠠᠵᠢᠯ ᠡᠷᠬᠢᠯᠡᠭᠰᠡᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠴᠢᠩᠭᠠᠷᠠᠭᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号