ᠰᠦᠯᠵᠢᠶᠡᠨ ᠤ ᠴᠤᠤᠷᠬᠠᠯ ᠢ ᠡᠰᠡᠷᠭᠦᠴᠡᠨ ᠬᠤᠷᠢᠭᠯᠠᠵᠤ ᠰᠦᠯᠵᠢᠶᠡᠨ ᠤ ᠣᠷᠣᠨ ᠵᠠᠢ ᠶᠢ ᠴᠡᠪᠡᠷᠰᠢᠭᠦᠯᠪᠡ ︱ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠦᠯᠵᠢᠶᠡᠨ ᠤ ᠴᠤᠤᠷᠬᠠᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/12
     ᠰᠦᠯᠵᠢᠶᠡᠨ ᠤ ᠣᠷᠴᠢᠨ ᠢ ᠪᠦᠲᠦᠮᠵᠢᠲᠡᠶ ᠴᠡᠪᠡᠷᠰᠢᠭᠦᠯᠵᠦ᠂ ᠴᠡᠪᠡᠷ ᠰᠠᠶᠢᠬᠠᠨ ᠰᠦᠯᠵᠢᠶᠡᠨ ᠤ ᠣᠷᠣᠨ ᠵᠠᠢ ᠶᠢ ᠪᠣᠶ ᠪᠣᠯᠭᠠᠬᠤ ᠶᠢᠨ ᠲᠥᠯᠥᠭᠡ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠤᠬᠠᠭᠤᠯᠭ᠎ᠠ ᠪᠠᠷ ᠵᠠᠰᠠᠬᠤ ᠶᠢ ᠠᠬᠢᠭᠤᠯᠬᠤ᠂ ᠴᠣᠬᠢᠯᠲᠠ ᠥᠭᠬᠦ ᠪᠠᠷ ᠬᠠᠮᠢᠶᠠᠷᠤᠯᠲᠠ ᠶᠢ ᠠᠬᠢᠭᠤᠯᠬᠤ ᠶᠢ ᠢᠮᠠᠭᠲᠠ ᠪᠠᠷᠢᠮᠲᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠬᠠᠮᠳᠣ ᠳᠤᠨᠢ ᠶᠠᠪᠣᠭᠳᠠᠭᠤᠯᠣᠨ᠂ ᠰᠦᠯᠵᠢᠶᠡᠨ ᠤ ᠴᠤᠤᠷᠬᠠᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠰᠦᠯᠵᠢᠶᠡᠨ ᠤ ᠴᠤᠤᠷᠬᠠᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠰᠢᠨ᠎ᠡ ᠥᠷᠨᠢᠯᠲᠡ ᠶᠢ ᠦᠷᠭᠦᠯᠵᠢᠯᠡᠨ ᠪᠣᠶ ᠪᠣᠯᠭᠠᠪᠠ᠃      ᠣᠶᠢᠷ᠎ᠠ ᠳᠤ᠂ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ ᠠᠴᠠ ᠠᠷᠠᠳ ᠤᠨ ᠴᠠᠭᠳᠠᠭ᠎ᠠ ᠶᠢᠨ ᠲᠤᠰᠠᠯᠠᠬᠤ ᠴᠠᠭᠳᠠᠭ᠎ᠠ ᠶᠢ ᠵᠣᠬᠢᠶᠠᠨ ᠪᠠᠶᠢᠭᠤᠯᠵᠤ ᠬᠤᠰᠢᠭᠤᠨ ᠤ ᠠᠶᠠᠨᠴᠢᠳ ᠤᠨ ᠮᠠᠰᠢᠨ ᠲᠡᠷᠭᠡᠨ ᠤ ᠥᠷᠲᠡᠭᠡ᠂ ᠬᠠᠷᠢᠶᠠᠲᠤ ᠣᠷᠣᠨ ᠤ ᠰᠦᠯᠵᠢᠶᠠᠨ ᠤ ᠭᠠᠵᠠᠷ᠂ ᠪᠠᠭᠤᠳᠠᠯ ᠵᠡᠷᠭᠡ ᠲᠤ ︽ᠰᠦᠯᠵᠢᠶᠡᠨ ᠤ ᠴᠤᠤᠷᠬᠠᠯ ᠢ ᠡᠰᠡᠷᠭᠦᠴᠡᠨ ᠬᠤᠷᠢᠭᠯᠠᠬᠤ ᠰᠦᠯᠵᠢᠶᠡᠨ ᠤ ᠣᠷᠣᠨ ᠵᠠᠢ ᠶᠢ ᠴᠡᠪᠡᠷᠰᠢᠭᠦᠯᠦᠶ᠎ᠡ︾ ᠭᠡᠬᠦ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠷᠠᠳ ᠤᠨ ᠴᠠᠭᠳᠠᠭ᠎ᠠ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠰᠦᠯᠵᠢᠶᠡᠨ ᠳᠡᠭᠡᠷᠡᠬᠢ ᠴᠤᠤᠷᠬᠠᠯ ᠤᠨ ᠲᠣᠮᠢᠶᠠᠯᠠᠯ᠂ ᠣᠨᠴᠠᠯᠢᠭ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ  ᠎ ᠢ ᠣᠯᠠᠨ ᠲᠦᠮᠡᠨ ᠳᠤ ᠨᠠᠷᠢᠨ ᠲᠠᠨᠢᠯᠴᠠᠭᠤᠯᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠦᠯᠵᠢᠶᠡᠨ ᠤ ᠵᠥᠪ ᠥᠷᠲᠡᠭ ᠤᠨ ᠦᠵᠡᠯᠲᠡ ᠪᠠ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠪᠤᠶ ᠪᠣᠯᠭᠠᠵᠤ᠂ ᠰᠦᠯᠵᠢᠶᠡᠨ ᠤ ᠲᠦᠷᠢᠮ ᠎ ᠢ ᠰᠠᠬᠢᠬᠤ ᠪᠠ ᠥᠪᠡᠷ  ᠎ ᠢ ᠪᠠᠨ ᠬᠠᠮᠠᠭᠠᠯᠠᠬᠤ ᠴᠢᠳᠠᠪᠤᠷᠢ ᠣᠯᠠᠮ ᠴᠢᠨᠠᠭᠰᠢᠳᠠ ᠴᠢᠩᠭᠠᠳᠬᠠᠪᠠ᠃      ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠥᠷᠭᠡᠨ ᠣᠯᠠᠨ ᠲᠦᠮᠡᠨ ᠤ ᠴᠤᠤᠷᠬᠠᠯ ᠢ ᠲᠠᠨᠢᠬᠤ᠂ ᠴᠤᠤᠷᠬᠠᠯ ᠢ ᠬᠤᠷᠢᠭᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠳᠦᠷ ᠲᠤᠲᠤᠮ ᠤᠨ ᠰᠦᠯᠵᠢᠶᠡᠨ ᠤ ᠠᠮᠢᠳᠤᠷᠠᠯ ᠳᠤᠮᠳᠠ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠨ᠂ ᠴᠤᠤᠷᠬᠠᠯ  ᠎ ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠬᠤ ᠶᠢ ᠪᠠᠶᠡᠯᠡᠬᠦᠯᠦᠨ᠂ ᠰᠦᠯᠵᠢᠶᠡᠨ ᠤ ᠪᠣᠯᠪᠠᠰᠤᠨ ᠴᠡᠪᠡᠷ ᠣᠷᠴᠢᠨ ᠢ ᠪᠤᠶ ᠪᠣᠯᠭᠠᠬᠤ ᠳᠤ ᠬᠠᠮᠲᠤ ᠪᠠᠷ ᠣᠷᠣᠯᠴᠠᠨ᠎ᠠ ᠭᠡᠵᠦ ᠠᠵᠢᠯᠯᠠᠭ᠎ᠠ ᠳᠤ ᠣᠷᠣᠯᠴᠠᠭᠰᠠᠨ ᠣᠯᠠᠨ ᠲᠦᠮᠡᠨ ᠢᠯᠡᠷᠬᠡᠶᠢᠯᠠᠵᠣ ᠪᠠᠶᠢᠯ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号