ᠠᠪᠠᠭ᠎ᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︽ᠬᠠᠩᠰᠢ︾᠎ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠢ ᠪᠠᠶᠢᠴᠠᠭᠠᠨ ᠱᠠᠯᠠᠪᠳᠠᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/12
     ︽ᠬᠠᠩᠰᠢ︾᠎ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠠᠪᠠᠭ᠎ᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠎ ᠠᠴᠠ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠲᠠᠢ ᠨᠢᠭᠲᠠ ᠤᠶᠠᠯᠳᠤᠭᠤᠯᠤᠨ᠂ 4 ᠰᠠᠷ᠎ᠠ ᠶᠢᠨ 4᠎ ᠤ ᠡᠳᠦᠷ ᠠᠴᠠ 5᠎ ᠤ ᠡᠳᠦᠷ ᠪᠣᠯᠲᠠᠯ᠎ᠠ᠂ ᠠᠪᠠᠭ᠎ᠠ ᠬᠤᠰᠢᠭᠤᠨ ᠤ ᠶᠢᠨ ᠳ᠋ᠢ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂  ᠨᠢᠣ ᠰᠧ ᠳ᠋ᠠ ᠲᠣᠰᠣ ᠨᠡᠮᠡᠬᠦ ᠥᠷᠲᠡᠭᠡ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠬᠤᠶᠠᠳᠤᠭᠠᠷ ᠲᠣᠰᠣ ᠨᠡᠮᠡᠬᠦ ᠥᠷᠲᠡᠭᠡ ᠳᠤ ᠭᠦᠨᠵᠡᠭᠡᠶᠢᠷᠡᠨ ᠱᠠᠯᠠᠪᠳᠠᠨ ᠪᠠᠶᠢᠴᠠᠭᠠᠬᠤ ᠠᠵᠢᠯ ᠥᠷᠨᠢᠭᠦᠯᠪᠡ᠃      ᠪᠠᠶᠢᠴᠠᠭᠠᠬᠤ ᠳᠤᠭᠤᠶᠢᠯᠠᠩ ᠠᠴᠠ ᠭᠤᠷᠪᠠᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠣᠭᠲᠠᠭᠠᠭᠰᠠᠨ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠡᠪ ᠤᠨ ᠪᠠᠶᠢᠬᠤ ᠡᠰᠡᠬᠦ᠂ ᠠᠮᠣᠷ ᠲᠦᠪᠰᠢᠨ ᠭᠠᠷᠣᠴᠨ ᠶᠢᠨ ᠰᠠᠭᠠᠳ ᠦᠭᠡᠢ ᠪᠠᠶᠢᠬᠤ ᠡᠰᠡᠬᠦ ᠵᠡᠷᠭᠡ ᠳᠤ ᠭᠤᠣᠯᠳᠠᠯᠭ᠎ᠠ ᠲᠠᠢ ᠪᠠᠶᠢᠴᠠᠭᠠᠯᠳᠠ ᠬᠢᠪᠠ᠃ ᠠᠵᠤ ᠠᠬᠤᠶᠢᠯᠠᠯ ᠤᠨ ᠣᠶᠢᠷ᠎ᠠ ᠶᠢᠨ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠵᠢᠴᠢ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠰ ᠲᠣᠰ ᠰᠣᠨᠣᠰᠤᠭᠰᠠᠨ ᠪᠥᠭᠡᠳ ᠠᠵᠤ ᠠᠬᠤᠶᠢᠯᠠᠯ ᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠲᠣᠬᠢᠷᠠᠭᠤᠯᠤᠨ ᠠᠬᠢᠭᠤᠯᠪᠠ᠃      ᠪᠠᠶᠢᠴᠠᠭᠠᠬᠤ ᠳᠤᠭᠤᠶᠢᠯᠠᠩ ᠠᠴᠠ ᠡᠯ᠎ᠡ ᠠᠵᠤ ᠠᠬᠤᠶᠢᠯᠠᠯ ᠢ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠪᠠᠶᠠᠷ ᠤᠨ ᠡᠳᠦᠷ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠳᠦᠷᠢᠮ ᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠣᠨ᠂ ᠠᠶᠤᠯᠭᠦᠢ ᠦᠢᠯᠡᠳᠪᠦᠷᠢᠯᠡᠯ ᠤᠨ ᠭᠡᠨᠡᠳᠲᠡ ᠶᠢᠨ ᠪᠠᠶᠢᠳᠠᠯ ᠢ ᠴᠠᠭ ᠲᠤᠬᠠᠢ ᠳᠤᠨᠢ ᠮᠡᠳᠡᠭᠦᠯᠵᠦ᠂ ᠡᠳᠦᠷ ᠲᠤᠳᠤᠮ ᠤᠨ ᠲᠠᠯᠳᠠ ᠬᠡᠮ ᠤᠨ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃ ᠪᠠᠶᠢᠴᠠᠭᠠᠬᠤ ᠶᠠᠪᠤᠴᠠ ᠳᠤ ᠢᠯᠡᠷᠡᠬᠦᠯᠦᠭᠰᠡᠨ ᠠᠮᠤᠷ ᠲᠦᠪᠰᠢᠨ ᠤ ᠳᠠᠯᠳᠠ ᠬᠡᠮ ᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号