ᠬᠤᠰᠢᠭᠤ ᠣᠶ ᠰᠢᠭᠤᠢ ᠡᠪᠡᠰᠦ ᠪᠡᠯᠴᠢᠭᠡᠷ ᠤᠨ ᠭᠠᠯ ᠰᠡᠷᠭᠡᠶᠢᠯᠡᠬᠦ ᠦᠢᠯᠡᠴᠢᠯᠡᠭᠡᠨ ᠤ ᠲᠥᠪ ᠠᠴᠠ ᠨᠦᠬᠦᠴᠠᠯ ᠳᠤ ᠲᠦᠰᠢᠭᠯᠡᠬᠦ ᠦᠬᠡᠢ ᠭᠠᠯ ᠰᠡᠷᠭᠡᠶᠢᠯᠡᠨ ᠤᠨᠲᠠᠷᠠᠭᠠᠬᠤ ᠰᠣᠷᠢᠯᠳᠠ ᠬᠢᠪᠠ
ᠨᠡᠶᠢᠲᠡᠯᠡᠭᠰᠡᠨ ᠴᠠᠭ᠄
2024/4/12
     ᠮᠠᠨ ᠤ ᠬᠤᠰᠢᠭᠤᠨ ᠤ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠠᠩᠭᠢ ᠶᠢᠨ ᠪᠠᠴᠢᠮ ᠠᠷᠭᠠᠴᠠᠭᠠᠬᠤ ᠴᠢᠳᠠᠪᠣᠷᠢ ᠪᠠ ᠨᠦᠬᠦᠴᠠᠯ ᠳᠤ ᠲᠦᠰᠢᠭᠯᠡᠬᠦ ᠦᠬᠡᠢ ᠪᠠᠶᠢᠳᠠᠯ ᠳᠣᠣᠷᠠᠬᠢ ᠭᠠᠯ ᠤᠨᠲᠠᠷᠠᠭᠠᠬᠤ ᠬᠢᠷᠢ ᠲᠦᠪᠰᠢᠨ ᠢ  ᠲᠡᠬᠡᠭᠰᠢᠯᠡᠬᠦᠯᠬᠦ ᠶᠢᠨ ᠲᠣᠰᠠᠳᠠ᠂ 4 ᠰᠠᠷ᠎ᠠ ᠶᠢᠨ 4᠎ ᠤ ᠬᠠᠩᠰᠢ ᠶᠢᠨ ᠡᠳᠦᠷ᠂ ᠬᠤᠰᠢᠭᠤ ᠣᠶ ᠰᠢᠭᠤᠢ ᠡᠪᠡᠰᠦ ᠪᠡᠯᠴᠢᠭᠡᠷ ᠤᠨ ᠭᠠᠯ ᠰᠡᠷᠭᠡᠶᠢᠯᠡᠬᠦ ᠦᠢᠯᠡᠴᠢᠯᠡᠭᠡᠨ ᠤ ᠲᠥᠪ ᠨᠢ ᠬᠤᠰᠢᠭᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠲᠠᠢ ᠬᠠᠮᠲᠤᠷᠠᠨ ᠲᠣᠮᠣ ᠬᠡᠯᠪᠡᠷᠢ ᠶᠢᠨ ᠭᠠᠯ ᠰᠡᠷᠭᠡᠶᠢᠯᠡᠬᠦ ᠦᠢᠯᠡᠴᠢᠯᠡᠭᠡᠨ ᠤ ᠲᠡᠷᠭᠡ ᠵᠢᠴᠢ ᠭᠤᠷᠪᠠᠨ ᠴᠡᠷᠢᠭ ᠵᠥᠭᠡᠭᠡᠪᠦᠷᠢᠯᠡᠬᠦ ᠲᠡᠷᠭᠡ᠂ ᠨᠠᠢᠮᠠᠨ ᠬᠥᠮᠥᠨ ᠲᠣᠮᠢᠯᠠᠨ᠂ ᠨᠠᠷᠠᠨᠪᠤᠯᠠᠭ ᠰᠤᠮᠤ ᠶᠢᠨ ᠬᠢᠯᠢ ᠶᠢᠨ ᠨᠢᠭᠡᠳᠦᠭᠡᠷ ᠹᠷᠣᠨᠲ ᠲᠤ ᠬᠦᠷᠴᠦ᠂ ᠨᠦᠬᠦᠴᠠᠯ ᠳᠤ ᠲᠦᠰᠢᠭᠯᠡᠬᠦ ᠦᠬᠡᠢ ᠭᠠᠯ ᠰᠡᠷᠭᠡᠶᠢᠯᠡᠨ ᠤᠨᠲᠠᠷᠠᠭᠠᠬᠤ ᠪᠣᠳᠠᠲᠤ ᠰᠣᠷᠢᠯᠳᠠ ᠥᠷᠨᠢᠭᠦᠯᠪᠡ᠃      ᠲᠣᠰ ᠤᠳᠠᠭᠠᠨ ᠤ ᠰᠣᠷᠢᠯᠳᠠ ᠶᠢᠨ ᠵᠣᠷᠢᠯᠭ᠎ᠠ ᠨᠢ ᠭᠡᠨᠡᠳᠲᠡ ᠶᠢᠨ ᠭᠠᠯ ᠭᠠᠷᠤᠭᠰᠠᠨ ᠦᠶ᠎ᠡ ᠳᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠳᠲᠡᠷ ᠲᠦᠷᠭᠡᠨ᠂ ᠪᠦᠲᠦᠮᠵᠢᠲᠡᠶ ᠪᠠᠷ  ᠬᠠᠮᠠᠭᠠᠯᠠᠬᠤ ᠶᠢ ᠦᠨᠡᠨ ᠬᠦ ᠪᠠᠳᠣᠯᠠᠬᠤ ᠶᠠᠪᠣᠳᠠᠯ ᠪᠣᠯᠣᠨ᠎ᠠ᠃ ᠪᠣᠯᠪᠠᠰᠤᠷᠠᠯ ᠤᠨ ᠶᠠᠪᠤᠴᠠ ᠳᠤ᠂ ᠪᠣᠯᠪᠠᠰᠤᠷᠠᠯ ᠳᠤ ᠣᠷᠣᠯᠴᠠᠭᠰᠠᠳ ᠭᠠᠯ ᠰᠡᠷᠭᠡᠶᠢᠯᠡᠬᠦ ᠬᠤᠪᠴᠠᠰᠤ ᠪᠠᠨ ᠡᠮᠦᠰᠴᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢᠶᠠᠨ ᠠᠪᠴᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠯᠠᠭ᠎ᠠ ᠶᠣᠰᠣᠭᠠᠷ ᠰᠣᠷᠢᠯᠳᠠ ᠶᠠᠪᠣᠭᠳᠠᠭᠤᠯᠪᠠ᠃      ᠡᠨᠡ ᠣᠳᠠᠭᠠᠨ ᠤ ᠨᠦᠬᠦᠴᠠᠯ ᠳᠤ ᠲᠦᠰᠢᠭᠯᠡᠬᠦ ᠦᠭᠡᠢ ᠪᠠᠷ ᠭᠠᠯ ᠤᠨᠲᠠᠷᠠᠭᠠᠬᠤ ᠪᠣᠳᠠᠲᠤ ᠰᠣᠷᠢᠯᠳᠠ ᠪᠠᠷ ᠳᠠᠮᠵᠢᠨ᠂ ᠮᠠᠨ ᠤ ᠲᠥᠪ ᠤᠨ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠠᠩᠭᠢ ᠶᠢᠨ ᠪᠣᠳᠠᠲᠤ ᠪᠠᠶᠢᠯᠳᠤᠭᠠᠨ ᠤ ᠴᠢᠳᠠᠪᠤᠷᠢ ᠶᠢ ᠤᠯᠠᠮ ᠴᠢᠨᠠᠭᠰᠢᠳᠠ ᠲᠡᠬᠡᠭᠰᠢᠯᠡᠬᠦᠯᠦᠨ᠂ ᠣᠯᠠᠨ ᠢᠶᠠᠷ ᠢᠶᠠᠨ ᠨᠥᠬᠦᠴᠡᠯ ᠳᠤ ᠲᠦᠰᠢᠭᠯᠡᠬᠦ ᠦᠭᠡᠢ ᠪᠠᠶᠢᠳᠠᠯ ᠳᠣᠣᠷᠠᠬᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠠᠨ  ᠴᠢᠩᠭᠠᠳᠬᠠᠭᠰᠠᠨ ᠢᠶᠠᠷ ᠪᠠᠷᠠᠬᠤ ᠦᠭᠡᠢ᠂ ᠪᠦᠯᠬᠦᠮ ᠨᠡᠶᠢᠲᠡ ᠶᠢᠨ ᠬᠠᠮᠵᠢᠯᠴᠠᠭ᠎ᠠ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠴᠤ ᠣᠯᠠᠮ ᠴᠢᠨᠠᠭᠰᠢᠳᠠ ᠠᠬᠢᠭᠤᠯᠣᠭᠰᠠᠨ ᠪᠠᠶᠢᠨ᠎ᠠ᠃ ᠡᠭᠦᠨ ᠤ ᠵᠡᠷᠭᠡ ᠳᠤ᠂ ᠰᠣᠷᠢᠯᠳᠠ ᠶᠢᠨ ᠠᠵᠢᠯᠯᠠᠭ᠎ᠠ ᠨᠢ ᠪᠠᠰᠠ ᠮᠠᠨ ᠤ ᠲᠥᠪ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠰᠢᠯᠭᠠᠨ ᠪᠠᠶᠢᠴᠠᠭᠠᠵᠤ᠂ ᠬᠤᠶᠢᠰᠢᠳᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号