ᠠᠪᠠᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠭᠤᠶᠣᠯᠠᠯ ᠎ ᠤᠨ ᠦᠩᠬᠡᠳᠣ ᠨᠢᠭᠤᠴᠠᠬᠠᠢ ᠨᠢᠳᠦᠨ ᠰᠢᠯ ᠳᠤ  ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/12
     ᠭᠤᠶᠣᠯᠠᠯ ᠤᠨ ᠦᠩᠬᠡᠳᠣ ᠨᠢᠭᠤᠴᠠᠬᠠᠢ ᠨᠢᠳᠦᠨ ᠰᠢᠯ ᠵᠢᠴᠢ ᠴᠡᠪᠡᠷᠯᠡᠬᠦ ᠰᠢᠩᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠢᠭᠤᠴᠠᠭᠠᠢ ᠨᠢᠳᠦᠨ ᠰᠢᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠬᠡᠷᠡᠭᠯᠡᠭᠴᠢᠳ ᠤᠨ ᠬᠡᠷᠡᠭᠯᠡᠬᠡᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠠᠪᠠᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠤᠴᠠᠭᠠᠢ ᠨᠢᠳᠦᠨ ᠰᠢᠯ ᠵᠢᠴᠢ ᠴᠡᠪᠡᠷᠯᠡᠬᠦ ᠰᠢᠩᠭᠡᠨ ᠳᠤ ᠲᠤᠰᠬᠠᠢ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      ᠲᠣᠰ ᠤᠳᠠᠭ᠎ᠠ ᠡᠵᠡᠩᠨᠡᠯᠲᠡ ᠶᠢᠨ ᠠᠵᠤ ᠠᠬᠤᠶᠢᠯᠠᠯ ᠤᠨ ︽ᠡᠮᠴᠢᠯᠡᠭᠡᠨ ᠤ ᠪᠠᠭᠠᠵᠢ ᠬᠡᠷᠡᠭᠰᠡᠯ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠣᠯᠣᠭᠰᠠᠨ ᠡᠰᠡᠬᠦ᠂ ᠡᠵᠡᠩᠨᠡᠯᠲᠡ ᠶᠢᠨ ᠦᠢᠯᠡᠳᠬᠦᠨ ᠨᠢ ᠡᠮᠴᠢᠯᠡᠭᠡᠨ ᠤ ᠪᠠᠭᠠᠵᠢ ᠬᠡᠷᠡᠭᠰᠡᠯ ᠤᠨ ᠳᠠᠩᠰᠠᠯᠠᠭᠤᠯᠤᠭᠰᠠᠨ ᠦᠨᠡᠮᠯᠡᠯ ᠣᠯᠣᠭᠰᠠᠨ ᠡᠰᠡᠬᠦ᠂ ᠠᠵᠤ ᠠᠬᠤᠶᠢᠯᠠᠯ ᠤᠨ ᠪᠠᠷᠠᠭ᠎ᠠ ᠬᠠᠩᠭᠠᠬᠤ ᠲᠠᠯ᠎ᠠ ᠶᠢᠨ ᠬᠢᠷᠢ ᠬᠡᠮ ᠪᠠ ᠦᠢᠯᠡᠳᠬᠦᠨ ᠤ ᠬᠠᠮᠢᠶ᠎ᠠ ᠪᠦᠬᠦᠢ ᠬᠢᠷᠢ ᠬᠡᠮ ᠢ ᠬᠢᠨᠠᠨ ᠪᠠᠶᠢᠴᠠᠭᠠᠵᠤ ᠰᠢᠯᠭᠠᠭᠰᠠᠨ ᠡᠰᠡᠬᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠭᠰᠠᠨ ᠦᠨᠡᠨ ᠪᠣᠳᠠᠲᠠᠢ ᠪᠦᠷᠢᠨ ᠪᠦᠲᠦᠨ ᠲᠡᠮᠳᠡᠭᠯᠡᠯ ᠬᠢᠭᠰᠡᠨ ᠡᠰᠡᠬᠦ᠂ ᠬᠠᠭᠤᠷᠮᠠᠭ ᠮᠠᠭᠤ᠂ ᠬᠤᠭᠤᠴᠠᠭ᠎ᠠ ᠥᠩᠭᠡᠷᠡᠭᠰᠡᠨ ᠨᠢᠭᠤᠴᠠᠭᠠᠢ ᠨᠢᠳᠦᠨ ᠰᠢᠯ ᠵᠢᠴᠢ  ᠴᠡᠪᠡᠷᠯᠡᠬᠦ ᠰᠢᠩᠭᠡᠨ ᠪᠣᠷᠣᠯᠠᠭᠤᠯᠤᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠲᠠᠢ ᠡᠰᠡᠬᠦ ᠳᠤ ᠭᠤᠣᠯᠳᠠᠯᠭ᠎ᠠ ᠲᠠᠢ ᠪᠠᠶᠢᠴᠠᠭᠠᠯᠳᠠ ᠬᠢᠪᠠ᠃ ᠡᠭᠦᠨ ᠤ ᠬᠠᠮᠲᠤ ᠡᠵᠡᠩᠨᠡᠭᠴᠢᠳ ᠲᠤ ᠡᠮᠴᠢᠯᠡᠭᠡᠨ ᠤ ᠪᠠᠭᠠᠵᠢ ᠬᠡᠷᠡᠭᠰᠡᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠳᠠ ᠶᠢᠨ ᠠᠵᠤ ᠠᠬᠤᠶᠢᠯᠠᠯ ᠤᠨ ᠬᠤᠳᠠᠯᠳᠤᠨ ᠠᠪᠬᠤ᠂ ᠰᠢᠯᠭᠠᠨ ᠠᠪᠬᠤ᠂ ᠬᠠᠳᠠᠭᠠᠯᠠᠬᠤ᠂ ᠠᠷᠠᠴᠢᠯᠠᠨ ᠬᠠᠮᠠᠭᠠᠯᠠᠬᠤ ᠵᠢᠴᠢ ᠪᠣᠷᠣᠯᠠᠭᠤᠯᠬᠤ ᠵᠡᠷᠭᠡ ᠵᠠᠩᠭᠢᠯᠠᠭ᠎ᠠ ᠶᠢᠨ ᠭᠤᠭᠴᠣᠭᠠᠨ ᠤ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠢ ᠴᠠᠭ ᠲᠤᠬᠠᠢ ᠳᠤᠨᠢ ᠪᠦᠷᠢᠨᠰᠢᠬᠦᠯᠵᠣ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠬᠤ ᠶᠢ ᠱᠠᠯᠠᠪᠳᠠᠭᠤᠯᠪᠠ᠃      ᠲᠣᠰ ᠤᠳᠠᠭ᠎ᠠ ᠨᠢᠳᠦᠨ ᠰᠢᠯ ᠤᠨ ᠡᠵᠡᠩᠨᠡᠯᠲᠡ ᠶᠢᠨ 2 ᠠᠵᠤ ᠠᠬᠤᠶᠢᠯᠠᠯ ᠢ ᠪᠠᠶᠢᠴᠠᠭᠠᠪᠠ᠃ ᠲᠠᠷᠠᠭᠠᠴᠢ ᠶᠢᠨ ᠠᠯᠬᠤᠮ ᠳᠤ᠂ ᠲᠣᠰ ᠲᠣᠪᠴᠢᠶ᠎ᠠ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠢᠨᠠᠯᠲᠠ ᠬᠠᠮᠢᠶᠠᠷᠤᠯᠲᠠ ᠶᠢ ︽ᠨᠢᠭᠤᠭᠳᠠᠮᠠᠯ︾ ᠪᠣᠯᠭᠠᠬᠤ ᠦᠭᠡᠢ ᠪᠠᠶᠢᠵᠤ᠂ ᠨᠢᠭᠤᠴᠠᠭᠠᠢ ᠨᠢᠳᠦᠨ ᠰᠢᠯ ᠤᠨ ᠡᠵᠡᠩᠨᠡᠯᠳᠠ ᠪᠣᠷᠣᠯᠠᠭᠤᠯᠭ᠎ᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠡᠮᠬᠢ ᠵᠢᠷᠤᠮ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠂ ᠬᠡᠷᠡᠭᠯᠡᠭᠴᠢᠳ ᠤᠨ ᠬᠡᠷᠡᠭᠯᠡᠬᠡᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号