ᠮᠠᠯᠴᠢᠨ ᠯᠢ ᠰᠢᠨ ᠤ ᠢᠬᠡᠷ᠎ᠠ ᠲᠦᠯ ᠲᠤᠰᠤᠭᠰᠡᠨ ᠠᠮᠵᠢᠯᠳᠠ ᠲᠠᠢ ᠲᠤᠷᠰᠢᠴᠠ
ᠨᠡᠶᠢᠲᠡᠯᠡᠭᠰᠡᠨ ᠴᠠᠭ᠄
2024/4/12
     ᠨᠠᠷᠠᠡᠪᠤᠯᠠᠭ ᠰᠤᠮᠤᠨ ᠤ ᠨᠠᠷᠠᠳᠤ ᠭᠠᠴᠠᠭᠠᠨ ᠤ ᠮᠠᠯᠴᠢᠨ ᠯᠢ ᠰᠢᠨ ᠨᠢᠳᠤᠨᠤᠨ ︽ᠮᠠᠯᠴᠢᠨ ᠤ ᠬᠡᠰᠢᠭ ᠲᠡᠵᠢᠬᠡᠨ ᠦᠷᠡᠵᠢᠬᠦᠯᠬᠦ ᠬᠡᠷ ᠪᠦᠯᠢ ᠶᠢᠨ ᠮᠠᠯᠵᠢᠯ ᠤᠨ ᠲᠠᠯᠠᠪᠠᠢ︾᠎ ᠶᠢᠨ 200 ᠭᠠᠷᠤᠢ ᠬᠤᠨᠢᠨ ᠳᠤ ᠪᠠᠨ ᠢᠬᠡᠷ᠎ᠡ ᠲᠦᠯ ᠤᠨ ᠭᠠᠷ ᠬᠡᠬᠡᠯᠳᠤᠬᠦᠯᠬᠡ ᠬᠢᠬᠡᠳ ᠤᠳᠤ ᠪᠤᠯᠳᠠᠯ᠎ᠠ 122 ᠢᠬᠡᠷ᠎ᠡ ᠬᠤᠷᠠᠭ᠎ᠠ ᠲᠤᠰᠴᠤ᠂ ᠢᠬᠡᠷ᠎ᠠ ᠲᠦᠯᠯᠡᠭᠰᠡᠨ ᠨᠤᠷᠮ᠎ᠠ ᠨᠢ 60%᠎ ᠳᠤ ᠬᠦᠷᠦᠭᠰᠡᠨ ᠪᠠᠶᠢᠨ᠎ᠠ᠃      ᠰᠢᠨ᠎ᠠ ᠮᠡᠷᠬᠡᠵᠢᠯ ᠰᠤᠷᠤᠯᠴᠠᠵᠤ ᠢᠬᠡᠷ᠎ᠡ ᠲᠦᠯ ᠲᠤᠰᠬᠤ ᠪᠤᠯᠵᠠᠢ      ᠨᠠᠷᠠᠡᠪᠤᠯᠠᠭ ᠰᠤᠮᠤᠨ ᠤ ᠨᠠᠷᠡᠳᠤ ᠭᠠᠴᠠᠭᠠᠨ ᠤ ᠮᠠᠯᠴᠢᠨ ᠯᠢ ᠰᠢᠨ  ︽ᠮᠠᠯᠴᠢᠨ ᠤ ᠬᠡᠰᠢᠭ ᠲᠡᠵᠢᠬᠡᠨ ᠦᠷᠡᠵᠢᠬᠦᠯᠬᠦ ᠬᠡᠷ ᠪᠦᠯᠢ ᠶᠢᠨ ᠮᠠᠯᠵᠢᠯ ᠤᠨ ᠲᠠᠯᠠᠪᠠᠢ︾  ᠎ ᠢᠶᠠᠨ ᠡᠵᠡᠩᠨᠡᠬᠦ ᠳᠤ ᠪᠠᠨ ᠦᠢᠷ᠎ᠡ ᠶᠢᠨ ᠵᠢᠯ ᠤᠳ ᠲᠤ ᠭᠠᠷ ᠬᠡᠬᠡᠯᠳᠤᠬᠦᠯᠬᠡ ᠶᠢᠨ ᠮᠠᠷᠬᠡᠵᠢᠯ ᠢ ᠰᠤᠷᠴᠤ ᠡᠵᠡᠮᠰᠢᠨ᠂ ᠮᠠᠯ ᠰᠦᠷᠦᠭ ᠤᠨ ᠪᠦᠳᠤᠴᠠ ᠳᠤ ᠪᠠᠨ ᠲᠤᠬᠢᠷᠠᠭᠤᠯᠤᠯᠳᠠ ᠬᠢᠵᠤ᠂ ︽ᠴᠦᠬᠡᠨ ᠮᠠᠯᠵᠢᠵᠤ ᠴᠢᠨᠡᠷᠯᠢᠭ᠋ ᠮᠠᠯᠵᠢᠬᠤ︾᠎ ᠪᠠᠷ ᠴᠢᠷᠮᠠᠶᠢᠨ᠂ ᠬᠤᠨᠢᠨ ᠤ ᠭᠠᠷ ᠬᠡᠬᠡᠯᠳᠤᠬᠦᠯᠬᠡ ᠶᠢᠨ ᠮᠡᠷᠬᠡᠵᠢᠯ ᠰᠤᠷᠤᠯᠴᠠᠬᠤ ᠪᠠᠷ ᠤᠯᠠᠨ ᠭᠠᠵᠡᠷ ᠢᠶᠠᠷ ᠶᠠᠪᠤᠵᠤ᠂ ᠠᠩᠬᠠᠨ ᠤ ᠲᠤᠷᠰᠢᠴᠠ ᠳᠤ ᠪᠠᠨ ᠨᠠᠯᠢᠶᠠᠳ ᠠᠮᠵᠢᠯᠳᠠ ᠤᠯᠤᠭᠰᠡᠨ ᠪᠠᠶᠢᠨ᠎ᠠ᠃ ᠲᠡᠬᠦᠨ ᠤ ᠠᠪᠤ ᠨᠢ ᠤᠯᠠᠨ ᠵᠢᠯ ᠤᠨ ᠲᠤᠷᠰᠢ ᠭᠠᠷ ᠬᠡᠬᠡᠯᠳᠤᠬᠦᠯᠬᠡ ᠬᠢᠵᠤ ᠪᠠᠶᠢᠭᠰᠡᠨ ᠲᠤᠷᠰᠢᠯᠭ᠎ᠠ ᠲᠠᠢ ᠪᠠᠶᠢᠭᠰᠨᠨ ᠤ ᠰᠠᠭᠤᠷᠢᠨ ᠲᠡᠬᠡᠷ᠎ᠠ᠂ ᠯᠢ ᠰᠢᠨ ᠪᠠᠰᠠ ᠭᠠᠷ ᠬᠡᠬᠡᠯᠳᠤᠬᠦᠯᠬᠡ ᠶᠢᠨ ᠮᠡᠷᠬᠡᠵᠢᠯᠳᠠᠨ ᠲᠠᠢ ᠬᠠᠮᠳᠤᠷᠠᠨ ᠠᠵᠢᠯᠯᠠᠬᠤ ᠪᠠᠷ ᠲᠠᠮᠵᠢᠨ ᠨᠠᠯᠢᠶᠠᠳ ᠪᠤᠯᠪᠠᠰᠤᠷᠠᠩᠭᠤᠢ ᠮᠠᠷᠬᠡᠵᠢᠯ ᠲᠤᠷᠰᠢᠯᠭ᠎ᠠ ᠶᠢ ᠬᠤᠷᠠᠮᠳᠤᠭᠤᠯᠵᠤ ᠪᠢᠯᠠ᠃ ᠡᠳᠡᠬᠡᠷ ᠲᠠᠪᠠᠭᠤᠯᠢᠭ ᠲᠠᠯ᠎ᠠ ᠪᠠ ᠦᠪᠡᠷ ᠤᠨ ᠴᠢᠷᠮᠠᠶᠢᠯᠭ᠎ᠠ ᠳᠤ ᠪᠠᠨ ᠲᠦᠰᠢᠭᠯᠡᠨ ᠤᠷᠢᠶᠠᠩᠬᠠᠨ ᠬᠤᠨᠢᠨ ᠳᠤ ᠪᠠᠨ ᠭᠠᠷ ᠬᠡᠬᠡᠯᠳᠤᠬᠦᠯᠬᠡ ᠬᠢᠵᠤ᠂ ᠬᠤᠨᠢᠨ ᠤ ᠡᠬᠦᠯᠳᠡᠷ ᠢᠶᠠᠨ ᠰᠠᠶᠢᠵᠢᠷᠠᠭᠤᠯᠬᠤ ᠳᠤ ᠰᠠᠭᠤᠷᠢ ᠲᠠᠯᠪᠢᠭᠰᠡᠨ ᠶᠤᠮ᠃ ᠲᠡᠷᠡ ᠬᠤᠶᠡᠷ ᠵᠢᠯ ᠲᠠᠷᠠᠭᠠᠯᠠᠨ ᠬᠤᠨᠢᠨ ᠳᠤ ᠪᠠᠨ ᠭᠠᠷ ᠬᠡᠬᠡᠯᠳᠤᠬᠦᠯᠬᠡ ᠬᠢᠵᠤ᠂ 250 ᠭᠠᠷᠤᠢ ᠢᠬᠡᠷ᠎ᠡ ᠲᠦᠯ ᠮᠠᠡᠳᠤ ᠲᠤᠰᠴᠤ᠂ ᠬᠡᠬᠡᠯᠳᠤᠬᠦᠯᠬᠡ ᠶᠢᠨ ᠮᠡᠷᠬᠡᠵᠢᠯ ᠨᠢ ᠴᠤ ᠠᠭᠠᠵᠢᠮ ᠢᠶᠠᠷ ᠪᠤᠯᠪᠠᠰᠤᠷᠤᠩᠭᠤᠢ ᠪᠤᠯᠤᠭᠰᠡᠨ ᠪᠠᠶᠢᠯ᠎ᠠ᠃      ᠡᠳᠡᠨ ᠤ ᠬᠢᠨ ᠤᠤᠯ ᠳᠤ ᠪᠠᠨ ᠦᠷ᠎ᠠ ᠶᠢᠨ ᠮᠠᠯ ᠦᠷᠡᠵᠢᠬᠦᠯᠤᠨ ᠪᠤᠶᠢᠵᠢᠭᠤᠯᠬᠤ ᠰᠠᠭᠤᠷᠢᠨ ᠭᠠᠵᠡᠷ ᠲᠤ ᠎ ᠪᠠᠨ 300 ᠭᠠᠷᠤᠢ ᠬᠤᠴᠠ ᠮᠠᠯᠵᠢᠵᠤ ᠪᠠᠶᠢᠵᠠᠢ᠃ ᠦᠢᠷ᠎ᠠ ᠶᠢᠨ ᠬᠡᠳᠤᠨ ᠵᠢᠯ ᠳᠤ ᠮᠠᠯ ᠪᠠᠯᠴᠢᠬᠡᠷ ᠤᠨ ᠲᠠᠩᠴᠠᠬᠦᠷᠢ ᠪᠠᠳᠤᠯᠠᠬᠤ ᠵᠤᠷᠢᠯᠭ᠎ᠠ ᠪᠠᠷ ︽ᠴᠦᠬᠡᠨ ᠮᠠᠯᠵᠢᠵᠤ ᠴᠢᠨᠡᠷᠯᠢᠭ᠋ ᠮᠠᠯᠵᠢᠬᠤ︾ ᠵᠠᠮ ᠢᠶᠠᠷ ᠵᠠᠮᠨᠠᠵᠤ᠂ ᠬᠤᠴᠠᠨ ᠤ ᠲᠤᠭ᠎ᠠ ᠲᠤᠯᠤᠭᠠᠢ ᠪᠠᠨ ᠪᠠᠭᠠᠰᠬᠠᠭᠰᠡᠨ ᠪᠠᠶᠢᠨ᠎ᠠ᠃     ᠴᠦᠬᠡᠨ ᠮᠠᠯᠵᠢᠨ ᠴᠢᠨᠡᠷᠯᠢᠭ᠋ ᠮᠠᠯᠵᠢᠵᠤ᠂ ᠦᠷ᠎ᠠ ᠠᠰᠢᠭ ᠦᠡᠳᠤᠷ ᠪᠤᠯᠵᠠᠢ      ᠬᠤᠨᠢᠨ ᠳᠤ ᠪᠠᠨ ᠭᠠᠷ ᠬᠡᠬᠡᠯᠳᠤᠬᠦᠯᠬᠡ ᠬᠢᠪᠡᠯ ᠬᠤᠴᠠ ᠶᠢᠨ ᠶᠠᠰᠤ ᠴᠢᠨᠡᠷ ᠢ ᠪᠠᠳᠤᠯᠠᠵᠤ ᠴᠢᠳᠠᠬᠤ ᠮᠦᠷᠳᠡᠬᠡᠨ ︽ᠴᠦᠬᠡᠨ ᠮᠠᠯᠵᠢᠵᠤ ᠴᠢᠨᠡᠷᠯᠢᠭ᠋ ᠮᠠᠯᠵᠢᠬᠤ︾᠎ ᠶᠢ ᠪᠠᠶᠡᠯᠡᠬᠦᠯᠵᠤ ᠴᠢᠳᠠᠪᠠᠯ ᠠᠮᠢ ᠠᠬᠤᠢ ᠶᠢ ᠬᠠᠮᠠᠭᠠᠯᠠᠬᠤ ᠵᠤᠷᠢᠯᠳᠠ ᠳᠤ ᠴᠤ ᠬᠦᠷᠴᠤ ᠴᠢᠳᠠᠬᠤ ᠪᠤᠯᠬᠤᠷ ᠬᠤᠤᠰ ᠦᠷ᠎ᠡ ᠠᠰᠢᠭ ᠬᠦᠷᠳᠡᠵᠤ ᠴᠢᠳᠠᠨ᠎ᠠ ᠬᠡᠮᠡᠨ ᠯᠢ ᠰᠢᠨ ᠦᠵᠡᠳᠡᠭ᠃ ᠡᠶᠢᠡᠬᠦ ᠭᠠᠷ ᠬᠡᠬᠡᠯᠳᠤᠬᠦᠯᠬᠡ ᠬᠢᠬᠦ ᠳᠤ᠂ ᠨᠢᠬᠡ ᠬᠤᠴᠠᠨ ᠤ ᠦᠷ᠎ᠠ ᠶᠢᠨ ᠰᠢᠩᠬᠡᠨ ᠢᠶᠠᠷ ᠡᠳᠤᠷ ᠲᠤ ᠪᠠᠷᠤᠭ 65 ᠬᠤᠨᠢ ᠶᠢ ᠬᠡᠬᠡᠯᠳᠤᠬᠦᠯᠵᠤ ᠴᠢᠳᠠᠳᠠᠭ᠂ ᠡᠨ᠋ᠨ ᠨᠢ ᠴᠢᠨᠡᠷ ᠰᠠᠶᠢᠳᠡᠢ ᠬᠤᠴᠠᠨ ᠤ ᠠᠰᠢᠭᠯᠠᠮᠵᠢ ᠪᠠ ᠬᠡᠬᠡᠯᠳᠤᠬᠦᠯᠬᠡ ᠶᠢᠨ ᠦᠷ᠎ᠠ ᠠᠰᠢᠭ ᠢ ᠲᠡᠬᠡᠭᠰᠢᠯᠡᠬᠦᠯᠵᠤ᠂ ᠤᠯᠠᠨ ᠲᠤᠭᠠᠨ ᠤ ᠬᠤᠴᠠ ᠮᠠᠯᠵᠢᠬᠤ ᠵᠠᠷᠤᠳᠠᠯ ᠢ ᠠᠷᠪᠢᠯᠠᠵᠤ᠂ ᠴᠢᠨᠡᠷ ᠴᠢᠡᠰᠠᠭ᠎ᠠ ᠪᠠ ᠬᠡᠬᠡᠯᠳᠤᠬᠦᠯᠬᠡ ᠶᠢᠨ ᠨᠤᠷᠮ᠎ᠠ ᠶᠢ ᠲᠡᠬᠡᠭᠰᠢᠯᠡᠬᠦᠯᠦᠭᠰᠡᠨ ᠢᠶᠠᠷ ᠡᠬᠦᠯᠳᠡᠷ ᠪᠤᠶᠢᠵᠢᠭᠤᠯᠬᠤ ᠬᠤᠷᠳᠤᠴᠠ᠂ ᠬᠤᠨᠢᠨ ᠰᠦᠷᠦᠭ ᠤᠨ ᠤᠳᠤᠮᠰᠢᠯ ᠤᠨ ᠠᠬᠢᠴᠠ ᠶᠢ ᠲᠦᠷᠬᠡᠳᠬᠡᠨ᠂ ᠡᠯ᠎ᠠ ᠲᠦᠷᠤᠯ ᠎ ᠤᠨ ᠡᠪᠡᠳᠴᠢᠨ ᠬᠢᠵᠢᠭ ᠲᠡᠯᠬᠡᠷᠡᠬᠦ ᠶᠢ ᠪᠦᠳᠤᠮᠵᠢᠳᠡᠢ ᠰᠡᠷᠬᠡᠶᠢᠯᠡᠬᠦ ᠤᠯᠠᠨ ᠲᠠᠯ᠎ᠠ ᠶᠢᠨ ᠠᠰᠢᠭ ᠢ ᠬᠦᠷᠳᠡᠵᠤ ᠴᠢᠳᠠᠵᠠᠢ᠃      ᠲᠡᠵᠢᠬᠡᠯ ᠨᠦᠬᠦᠪᠤᠷᠢᠯᠡᠵᠤ᠂ ᠡᠬᠡ ᠮᠠᠯ ᠪᠠ ᠢᠬᠡᠷ᠎ᠠ ᠲᠦᠯ ᠤᠨ ᠰᠢᠮ᠎ᠠ ᠲᠡᠵᠢᠬᠡᠯ ᠢ ᠪᠠᠳᠤᠯᠠᠳᠠᠭ      ᠭᠠᠷ ᠬᠡᠬᠡᠯᠳᠤᠬᠦᠯᠬᠡ ᠪᠠᠷ ᠲᠠᠮᠵᠢᠨ ᠢᠬᠡᠷ᠎ᠡ ᠲᠦᠯ ᠲᠤᠰᠬᠤ ᠨᠢ ᠡᠬᠡ ᠮᠠᠯ ᠵᠢᠴᠢ ᠬᠤᠷᠠᠭ᠎ᠠ ᠶᠢᠨ ᠲᠠᠷᠭᠤ ᠬᠦᠴᠤ ᠪᠠ ᠪᠤᠶᠢᠵᠢᠯᠳᠠ ᠶᠢ ᠵᠤᠬᠢᠬᠤ ᠬᠡᠮᠵᠢᠶ᠎ᠠ ᠪᠠᠷ ᠨᠦᠯᠤᠬᠡᠯᠡᠬᠦ ᠨᠢ ᠲᠠᠮᠵᠢᠭ ᠦᠬᠡᠢ᠃ ᠡᠶᠢᠡᠬᠦ ᠯᠢ ᠰᠢᠨ 12 ᠰᠠᠷ᠎ᠠ ᠶᠢᠨ ᠲᠤᠮᠳᠠᠴᠢ ᠠᠴᠠ ᠡᠬᠢᠯᠡᠨ ᠡᠬᠡ ᠮᠠᠯ ᠳᠤ ᠪᠠᠨ ᠲᠡᠵᠢᠬᠡᠯ ᠨᠦᠬᠦᠪᠤᠷᠢᠯᠡᠵᠤ᠂ ᠭᠠᠭᠴᠠ ᠬᠤᠷᠠᠭ᠎ᠠ ᠲᠠᠢ ᠬᠤᠨᠢᠨ ᠳᠤ ᠪᠠᠨ ᠡᠳᠤᠷ ᠲᠤ 6 ᠯᠠᠩ ᠤᠨ ᠪᠠᠷᠢᠮᠵᠢᠶ᠎ᠠ ᠪᠠᠷ ᠢᠬᠡᠷ᠎ᠡ ᠬᠤᠷᠠᠭ᠎ᠠ ᠲᠠᠢ ᠬᠤᠨᠢᠨ ᠳᠤ ᠪᠠᠨ ᠡᠳᠤᠷ ᠲᠤ 1 ᠵᠢᠩ 2 ᠯᠠᠩ ᠤᠨ ᠪᠠᠷᠢᠮᠵᠢᠶ᠎ᠠ ᠪᠠᠷ ᠨᠦᠬᠦᠪᠤᠷᠢᠯᠡᠵᠤ᠂ 5 ᠰᠠᠷ᠎ᠠ ᠦᠩᠬᠡᠷᠡᠳᠡᠯ᠎ᠠ ᠲᠡᠵᠢᠬᠡᠬᠦ ᠶᠤᠮ ᠪᠠᠶᠢᠨ᠎ᠠ᠃ ᠲᠦᠯ ᠮᠠᠯ ᠳᠤ ᠪᠠᠨ ᠡᠳᠤᠷ ᠲᠤ ᠬᠤᠷᠠᠭ᠎ᠠ ᠪᠦᠷᠢ ᠳᠤ 1 ᠯᠠᠩ ᠪᠤᠷᠳᠤᠭ᠎ᠠ ᠨᠦᠬᠦᠪᠤᠷᠢᠯᠡᠨ᠂ ᠬᠤᠷᠠᠭᠠᠨ ᠤ ᠬᠦᠡᠳᠤ ᠎ ᠨᠢ 30 ᠵᠢᠩ ᠬᠦᠷᠬᠦ ᠳᠤ ᠲᠡᠵᠢᠬᠡᠯ ᠤᠨ ᠬᠡᠮᠵᠢᠶ᠎ᠠ ᠶᠢ ᠨᠡᠮᠡᠵᠤ᠂ ᠬᠤᠷᠠᠭ᠎ᠠ ᠪᠦᠷᠢ ᠳᠤ ᠨᠠᠮᠠᠵᠤ᠂ ᠬᠤᠷᠠᠭ᠎ᠠ ᠪᠦᠷᠢ ᠎ ᠳᠤ ᠡᠳᠤᠷ ᠲᠤ 3 ᠯᠠᠩ ᠪᠤᠷᠳᠤᠭ᠎ᠠ ᠦᠭᠳᠡᠭ ᠶᠤᠮ ᠪᠠᠶᠢᠨ᠎ᠠ᠃ ᠢᠩᠬᠢᠬᠡᠳ ᠢᠷᠡᠬᠦ ᠳᠤ ᠡᠬᠡ ᠮᠠᠯ ᠤᠨ ᠲᠠᠷᠭᠤ ᠬᠦᠴᠤ ᠶᠢ ᠪᠠᠳᠤᠯᠠᠵᠤ᠂ ᠬᠤᠷᠠᠭ᠎ᠠ ᠶᠢᠨ ᠪᠤᠶᠢᠵᠢᠯᠳᠠ ᠶᠢᠨ ᠶᠠᠪᠤᠴᠠ ᠳᠤ ᠬᠡᠷᠡᠭᠰᠡᠬᠦ ᠰᠢᠮ᠎ᠠ ᠲᠡᠵᠢᠬᠡᠯ ᠢ ᠬᠠᠩᠭᠠᠵᠤ ᠴᠢᠳᠠᠳᠠᠭ᠃     ᠮᠠᠯᠴᠢᠳ ᠢᠶᠠᠨ ᠲᠠᠶᠢᠴᠢᠯᠠᠨ᠂ ᠮᠠᠯ ᠠᠵᠤ ᠠᠬᠤᠢ ᠶᠢᠨ ︽ᠴᠢᠨᠡᠷ ᠰᠠᠶᠢᠳᠡᠢ︾ ᠬᠦᠭᠵᠢᠯᠳᠠ ᠶᠢ ᠠᠬᠢᠭᠤᠯᠪᠠ      ᠯᠢ ᠰᠢᠨ ᠤ ᠤᠷᠢᠶᠠᠩᠬᠠᠨ ᠬᠤᠨᠢᠨ ᠳᠤ ᠪᠠᠨ ᠭᠠᠷ ᠬᠡᠬᠡᠯᠳᠤᠬᠦᠯᠬᠡ ᠬᠢᠵᠤ᠂ ᠢᠬᠡᠷ᠎ᠡ ᠲᠦᠯ ᠲᠤᠰᠤᠭᠰᠡᠨ ᠠᠮᠵᠢᠯᠳᠠ ᠲᠠᠢ ᠲᠤᠷᠰᠢᠴᠠ ᠨᠢ ᠡᠷᠬᠢᠨ ᠲᠤᠭᠤᠷᠢᠨ ᠤ ᠮᠠᠯᠴᠢᠳ ᠲᠤ ᠪᠠᠨ ᠲᠠᠭᠤᠷᠢᠶᠠᠯ ᠪᠤᠯᠵᠤ᠂ ᠲᠡᠬᠦᠨ ᠠᠴᠠ ᠲᠤᠷᠰᠢᠯᠭ᠎ᠠ ᠰᠤᠷᠤᠯᠴᠠᠬᠤ ᠮᠠᠯᠴᠢᠳ ᠤᠯᠠᠰᠢᠷᠠᠭᠰᠡᠨ ᠮᠦᠷᠳᠡᠬᠡᠨ ᠬᠤᠨᠢᠨ ᠤ ᠭᠠᠷ ᠬᠡᠬᠡᠯᠳᠤᠬᠦᠯᠬᠡ ᠶᠢ ᠲᠤᠷᠰᠢᠨ ᠦᠢᠯᠡᠳᠤᠯᠬᠡᠵᠢᠬᠦᠯᠵᠤ ᠮᠡᠳᠡᠭᠳᠡᠮ᠎ᠠ ᠦᠷ᠎ᠡ ᠪᠦᠳᠤᠮᠵᠢ ᠤᠯᠬᠤ ᠪᠤᠯᠤᠯ᠎ᠠ᠃ ᠭᠠᠷ ᠬᠡᠬᠡᠯᠳᠤᠬᠦᠯᠬᠡ ᠬᠢᠬᠦ ᠪᠠᠷ ᠲᠠᠮᠵᠢᠨ᠂ ᠨᠢᠬᠡ ᠡᠬᠦᠯᠳᠡᠷ ᠰᠠᠶᠢᠳᠡᠢ ᠤᠷᠢᠶᠠᠩᠬᠠᠨ ᠬᠤᠨᠢ ᠠᠴᠠ ᠬᠤᠶᠡᠷ ᠵᠢᠯ ᠳᠤ ᠭᠤᠷᠪᠠ ᠤᠳᠠᠭ᠎ᠠ ᠲᠦᠯ ᠲᠤᠰᠬᠤ ᠪᠤᠯᠤᠮᠵᠢ ᠎ ᠲᠠᠢ ᠪᠠᠶᠢᠵᠤ᠂ ᠬᠤᠨᠢ ᠶᠢ ᠡᠷᠳᠡ ᠵᠠᠷᠤᠴᠠᠭᠤᠯᠬᠤ ᠶᠢ ᠪᠦᠳᠤᠮᠵᠢᠳᠡᠢ ᠠᠬᠢᠭᠤᠯᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠵᠤ᠂ ᠮᠠᠯ ᠠᠵᠤ ᠠᠬᠤᠢ ᠶᠢᠨ ᠴᠢᠨᠡᠷ ᠰᠠᠶᠢᠳᠡᠢ ᠬᠦᠭᠵᠢᠯᠳᠠ ᠶᠢ ᠠᠬᠢᠭᠤᠯᠬᠤ ᠪᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号